ᠰᠦᠨ ᠱᠤ᠋ ᠲᠤᠸ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/15
   4 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃    ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠰᠦᠨ ᠱᠤ᠋ ᠲᠤᠤ ᠳ᠋ᠧ ᠺᠠᠩ ᠤᠨ ᠭᠠᠭ᠋ᠠᠢ ᠨᠢᠲᠤᠯᠬᠤ᠂ ᠱᠦᠢ ᠹᠠ  ᠠᠭᠠᠯᠢᠭ ᠵᠢᠮᠢᠰ ᠡᠳ᠋ᠰᠢᠭᠦᠯᠬᠦ᠂ ᠮᠧᠩ ᠵᠢᠶᠠ ᠠᠵᠤ ᠦᠢᠯᠡᠰ ᠤᠨ ᠬᠦᠷᠢᠶᠡᠯᠡᠩ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠰᠢᠩ ᠱᠧᠩ ᠬᠤᠩ ᠲᠠᠷᠢᠶᠠᠯᠠᠩ ᠤᠨ ᠮᠠᠰᠢᠨ᠂ ᠴᠠᠩ ᠰᠢᠨ ᠪᠣᠯᠣᠳ ᠲᠡᠮᠦᠷ ᠤᠨ ᠪᠦᠲᠦᠴᠡ᠂ ᠠᠷ1198 ᠠᠷᠢᠬᠢᠨ ᠤ ᠦᠢᠯᠡᠰ ᠵᠡᠷᠭᠡ ᠠᠵᠤ ᠠᠬᠤᠶᠢᠯᠠᠯ ᠤᠨ ᠦᠢᠯᠡᠳᠪᠦᠷᠢᠯᠡᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠠᠵᠢᠯᠯᠠᠵᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠳᠤᠮᠳᠠᠬᠢ ᠬᠦᠴᠢᠷ ᠲᠦᠪᠡᠭᠲᠡᠢ ᠠᠰᠠᠭᠤᠳᠠᠯ ᠢ ᠰᠢᠢᠳᠪᠦᠷᠢᠯᠡᠵᠦ᠂ ᠠᠵᠤ ᠦᠢᠯᠡᠳᠪᠦᠷᠢ ᠶᠢᠨ ᠠᠵᠤ ᠠᠬᠤᠢ᠂ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃    ᠬᠤᠰᠢᠭᠤᠨ ᠲᠠᠰ ᠤᠨ ᠬᠠᠮᠢᠶ᠎ᠠ ᠪᠦᠬᠦᠢ ᠤᠳᠤᠷᠢᠳᠤᠯᠭ᠎ᠠ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃     
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号