ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠠᠷᠠᠳ ᠢᠷᠭᠡᠳ ᠤᠨ ᠰᠡᠳᠬᠢᠯ ᠳᠤ ᠬᠠᠳᠠᠩᠰᠢᠭᠤᠯᠤᠨ᠎ᠠ
ᠨᠡᠶᠢᠲᠡᠯᠡᠭᠰᠡᠨ ᠴᠠᠭ᠄
2024/4/16
   ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠣᠮ ᠤᠨ ᠰᠠᠩ ᠤᠨ ᠬᠤᠶᠠᠳᠤᠭᠠᠷ ᠳᠠᠪᠬᠤᠷᠯᠢᠭ ᠤᠨ ᠤᠳᠤᠮᠰᠢᠯ ᠤᠨ ᠪᠤᠰᠤ ᠰᠠᠭᠤᠷᠢᠨ ᠭᠠᠵᠠᠷ ᠲᠤ ᠬᠦᠷᠬᠦ ᠳᠤ᠂ ᠬᠠᠳᠬᠤᠮᠠᠯ ᠳᠤ ᠪᠠᠭ᠋ᠠᠲᠠᠢ ᠬᠥᠮᠥᠰ ᠠᠶᠢᠮᠠᠭ ᠤᠨ ᠳᠡᠰ ᠤᠨ ᠤᠳᠤᠮᠰᠢᠯ ᠤᠨ ᠪᠤᠰᠤ ᠵᠠᠯᠭᠠᠮᠵᠢᠯᠠᠭᠴᠢ ᠪᠦᠦ ᠴᠦᠨ ᠬᠤᠸᠠ ᠪᠠᠭᠰᠢ ᠠᠴᠠ ᠰᠢᠨ᠎ᠡ ᠶᠠᠩᠵᠤ ᠶᠢ ᠰᠤᠷᠴᠤ ᠪᠠᠶᠢᠯ᠎ᠠ᠃ ᠭᠠᠷᠠᠭ ᠤᠨ ᠭᠤᠷᠪᠠᠨ ᠳᠤ ᠨᠡᠭᠡᠭᠡᠭᠰᠡᠨ ᠠᠰᠠᠷᠠᠮᠵᠢ ᠶᠢᠨ ᠪᠤᠰᠤ ᠰᠣᠶᠣᠯ ᠤᠨ ᠥᠪ ᠤᠨ ᠨᠡᠶᠢᠲᠡ ᠶᠢᠨ ᠠᠰᠠᠷᠠᠮᠵᠢ ᠶᠢᠨ ᠬᠢᠴᠢᠶᠡᠯ ᠨᠢ ᠮᠠᠰᠢ ᠣᠯᠠᠨ ᠬᠠᠳᠬᠤᠮᠠᠯ ᠳᠤ ᠪᠠᠭ᠋ᠠᠲᠠᠢ ᠬᠥᠮᠥᠰ ᠤᠨ ᠠᠩᠬᠠᠷᠤᠯ ᠢ ᠲᠠᠲᠠᠵᠤ᠂ ᠬᠤᠷᠤᠭᠤᠨ ᠤ ᠦᠵᠦᠭᠦᠷ ᠲᠠᠬᠢ ᠬᠠᠳᠬᠤᠮᠠᠯ ᠤᠨ ᠵᠡᠭᠦᠦ ᠶᠢ ᠬᠠᠳᠬᠤᠮᠠᠯ ᠪᠥᠰ ᠢᠶᠠᠷ ᠨᠠᠭᠠᠰᠢ ᠴᠠᠭᠠᠰᠢ ᠣᠷᠢᠶᠠᠵᠤ᠂ ᠬᠠᠮᠤᠭ ᠠᠩᠬᠠᠨ ᠤ ᠴᠠᠶᠢᠪᠤᠷ ᠴᠠᠭᠠᠨ ᠪᠠᠶᠢᠭᠰᠠᠨ ᠠᠴᠠ ᠪᠠᠨ ᠪᠦᠷᠦᠭ ᠪᠠᠷᠤᠭ ᠬᠠᠷᠠᠭᠳᠠᠬᠤ ᠪᠣᠯᠲᠠᠯ᠎ᠠ᠂ ᠭᠤᠶᠢᠳᠠ ᠰᠠᠶᠢᠬᠠᠨ ᠵᠢᠷᠤᠭ ᠳᠦᠷᠰᠦ ᠢᠯᠡᠷᠡᠬᠦ ᠪᠣᠯᠲᠠᠯ᠎ᠠ᠂ ᠬᠡᠰᠡᠭ ᠬᠡᠰᠡᠭ ᠭᠠᠯ ᠤᠯᠠᠭᠠᠨ ᠰᠠᠷᠠᠯᠠᠩ ᠬᠥᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ ᠪᠤᠤ ᠲᠡᠭᠦᠦᠳᠠᠭᠤᠯᠠ ᠪᠣᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠠᠨᠵᠤᠲ᠋ᠦ᠋ᠨ ᠤ ᠮᠠᠨᠵᠤ ᠦᠨᠳᠦᠰᠦᠲᠡᠨ ᠤ ᠰᠢᠶᠠᠩ ᠤᠨ ᠨᠢᠭᠡᠨ ᠰᠤᠷᠤᠭᠴᠢ᠂ ᠲᠡᠷᠡ ᠵᠠᠰᠠᠭᠲᠤ  ᠶᠢᠨ ᠬᠠᠳᠬᠤᠮᠠᠯ ᠳᠤ ᠮᠠᠰᠢ ᠳᠤᠷᠠᠲᠠᠢ᠂ ᠭᠠᠷᠠᠭ ᠪᠦᠷᠢ ᠠᠳᠡ ᠢᠷᠡᠵᠦ ᠰᠤᠷᠤᠯᠴᠠᠳᠠᠭ᠃       ︽ᠪᠢ ᠵᠠᠰᠠᠭᠲᠤ ᠶᠢᠨ ᠬᠠᠳᠬᠤᠮᠠᠯ ᠢ ᠶᠡᠭᠡ ᠪᠠᠭ᠋ᠠᠷᠳᠠᠭ᠂ ᠭᠠᠷᠠᠭ ᠤᠨ ᠭᠤᠷᠪᠠᠨ ᠳᠤ ᠪᠢ ᠪᠦᠷ ᠠᠳᠡ ᠢᠷᠡᠵᠦ ᠬᠠᠳᠬᠤᠮᠠᠯ ᠢ ᠰᠤᠷᠳᠠᠭ ᠪᠠᠶᠢᠭᠰᠠᠨ᠂ ᠰᠤᠷᠤᠯᠭ᠎ᠠ ᠶᠢᠨ ᠴᠢᠯᠦᠭᠡ ᠵᠠᠪ ᠢᠶᠠᠷ ᠢᠶᠠᠨ ᠥᠪᠡᠷ ᠢᠶᠠᠨ ᠪᠠᠰᠠ ᠨᠣᠮ ᠤᠨ ᠱᠣᠰᠢᠭ᠎ᠠ ᠡᠯᠭᠦᠭᠡ ᠬᠡᠷᠡᠭᠰᠡᠯ ᠤᠳ ᠢᠶᠠᠨ ᠬᠤᠳᠠᠯᠳᠤᠵᠤ᠂ ᠰᠤᠷᠤᠯᠴᠠᠬᠤ ᠶᠢᠨ ᠵᠡᠷᠭᠡᠴᠡᠭᠡᠪᠡᠷ ᠣᠷᠣᠯᠭ᠎ᠠ ᠪᠠᠨ ᠨᠡᠮᠡᠭᠳᠡᠭᠦᠯᠳᠡᠭ︾ ᠭᠡᠵᠦ ᠪᠦᠦ ᠲᠡᠭᠦᠦᠳᠠᠭᠤᠯᠠ ᠬᠡᠯᠡᠪᠡ᠃     ᠭᠠᠷᠠᠭ ᠤᠨ ᠭᠤᠷᠪᠠᠨ ᠪᠦᠷᠢ ᠶᠢᠨ ᠬᠠᠳᠬᠤᠮᠠᠯ ᠤᠨ ᠬᠢᠴᠢᠶᠡᠯ ᠠᠴᠠ ᠭᠠᠳᠠᠨ᠎ᠠ᠂ ᠭᠠᠷᠠᠭ ᠤᠨ ᠲᠠᠪᠤᠨ ᠪᠦᠷᠢ ᠳᠤ ᠨᠡᠭᠡᠭᠡᠭᠰᠡᠨ ᠳᠥᠷᠪᠡᠨ ᠤᠲᠠᠰᠤᠲᠤ ᠬᠤᠭᠤᠷ ᠤᠨ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠴᠤ ᠴᠥᠭᠡᠨ ᠪᠤᠰᠤ ᠬᠥᠮᠥᠰ ᠤᠨ ᠠᠩᠬᠠᠷᠤᠯ ᠢ ᠲᠠᠲᠠᠵᠠᠢ᠃ ᠬᠢᠴᠢᠶᠡᠯ ᠳᠡᠭᠡᠷ᠎ᠡ᠂ ᠪᠣᠯᠪᠠᠰᠤᠷᠠᠩᠭᠤᠢ ᠪᠣᠯᠤᠭᠰᠠᠨ ︽ᠬᠠᠰᠢᠷ ᠭᠠᠷ︾ ᠬᠠᠮᠲᠤ ᠪᠠᠷ ᠳᠠᠭᠤᠤ ᠬᠥᠭᠵᠢᠮᠳᠡᠵᠦ᠂ ︽ᠰᠢᠨ᠎ᠡ ᠭᠠᠷ︾ ᠨᠢ ᠪᠠᠭᠰᠢ ᠶᠢᠨ ᠢᠶᠠᠨ ᠬᠥᠭᠵᠢᠮ ᠤᠨ ᠵᠦᠢ ᠶᠢᠨ ᠲᠤᠬᠠᠢ ᠮᠡᠳᠡᠯᠭᠡ ᠶᠢ ᠪᠥᠬᠦ ᠠᠩᠬᠠᠷᠤᠯ ᠢᠶᠠᠨ ᠲᠥᠪᠯᠡᠷᠡᠭᠦᠯᠦᠨ ᠰᠣᠨᠣᠰᠴᠤ ᠪᠠᠶᠢᠯ᠎ᠠ᠃ ᠢᠷᠠᠭᠤ ᠴᠡᠭᠡᠯᠬᠡᠨ ᠶᠠᠲᠤᠭ᠎ᠠ ᠶᠢᠨ ᠲᠠᠭᠤᠨ ᠪᠠ ᠬᠥᠬᠡᠷᠡᠨ ᠶᠠᠲᠤᠭ᠎ᠠ ᠶᠢᠨ ᠲᠠᠭᠤᠨ ᠬᠠᠷᠢᠯᠴᠠᠨ ᠠᠭᠤᠰᠤᠯᠴᠠᠵᠤ᠂ ᠤᠳᠤᠮᠯᠠᠯ ᠤᠨ ᠪᠤᠰᠤ ᠤᠯᠠᠮᠵᠢᠯᠠᠯ ᠤᠨ ᠦᠷ᠎ᠡ ᠣᠯᠠᠨ ᠤ ᠰᠡᠳᠬᠢᠯ ᠳᠤ ᠦᠨᠳᠦᠰᠦ ᠬᠠᠳᠬᠤᠵᠤ ᠰᠣᠶᠣᠭᠠᠯᠠᠳᠠᠭ᠃    2023 ᠣᠨ  ᠠᠴᠠ ᠨᠠᠰᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠰᠦᠢᠳᠬᠡᠯ ᠬᠤᠷᠢᠶᠠᠬᠤ ᠦᠭᠡᠢ ᠪᠠᠷ ᠪᠣᠳᠠᠰ ᠤᠨ ᠪᠤᠰᠤ ᠰᠣᠶᠣᠯ ᠤᠨ ᠥᠪ ᠤᠨ ᠪᠣᠯᠪᠠᠰᠤᠷᠠᠯ ᠤᠨ ᠠᠩᠭᠢ ᠡᠷᠭᠢᠯᠡᠵᠦ᠂ ᠬᠠᠳᠬᠤᠮᠠᠯ᠂ ᠴᠠᠭᠠᠰᠤᠨ ᠬᠠᠶᠢᠴᠢᠯᠠᠮᠠᠯ᠂ ᠳᠥᠷᠪᠡᠨ ᠤᠲᠠᠰᠤᠲᠤ ᠬᠤᠭᠤᠷ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ  ᠢ ᠪᠣᠯᠪᠠᠰᠤᠷᠠᠭᠤᠯᠵᠤ᠂ ᠠᠷᠠᠳ ᠣᠯᠠᠨ ᠳᠤ ᠰᠣᠶᠣᠯ ᠤᠨ ᠪᠤᠰᠤ ᠰᠣᠶᠣᠯ  ᠢ ᠣᠶᠢᠯᠠᠭᠠᠬᠤ ᠪᠠ ᠰᠤᠷᠤᠯᠴᠠᠬᠤ ᠲᠠᠪᠴᠠᠩ ᠬᠠᠩᠭᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠦᠯᠬᠢᠨ ᠠᠬᠢᠭᠤᠯᠪᠠ᠃      
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号