ᠰᠦᠨ ᠱᠤ᠋ ᠲᠤᠸ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/16
   4 ᠰᠠᠷ᠎ᠠ ᠶᠢᠨ 15 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠰᠦᠨ ᠱᠤ᠋ ᠲᠤᠸ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠬᠤᠷᠠᠯ ᠳᠤ ᠣᠷᠣᠯᠴᠠᠵᠠᠢ᠃    ᠬᠤᠷᠠᠯ ᠠᠴᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ︽ᠪᠥᠬᠦ ᠬᠤᠰᠢᠭᠤᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠠᠵᠢᠯ ᠤᠨ ᠲᠣᠬᠢᠷᠠᠭᠤᠯᠤᠯᠲᠠ︾ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ︾ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠢ ᠠᠩᠭᠢ ᠶᠢᠨ ᠪᠦᠷᠢᠯᠳᠦᠭᠦᠨ ᠤ ᠨᠡᠷᠡᠰ ᠵᠢᠴᠢ ᠭᠤᠣᠯ ᠲᠤᠰᠢᠶᠠᠯ ᠬᠠᠷᠢᠭᠤᠴᠠᠯᠭ᠎ᠠ︾ ᠶᠢ ᠬᠢᠨᠠᠨ ᠶᠠᠷᠢᠯᠴᠠᠵᠤ ᠪᠠᠲᠤᠯᠠᠭᠰᠠᠨ ᠪᠥᠭᠡᠳ ᠬᠤᠰᠢᠭᠤᠨ ᠤ ᠲᠠᠰ ᠤᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠯᠴᠠᠬᠤ ᠴᠡᠭ ᠲᠤ ᠲᠣᠬᠢᠷᠠᠭᠤᠯᠤᠯᠲᠠ ᠬᠢᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃    ᠬᠤᠷᠠᠯ ᠳᠡᠭᠡᠷ᠎ᠡ᠂ ᠰᠦᠨ ᠱᠤ᠋ ᠲᠤᠤ ᠵᠢᠭᠠᠵᠤ ᠭᠠᠷᠭᠠᠬᠤ ᠳᠠᠭᠠᠨ᠂ ᠪᠦᠬᠦ ᠨᠠᠮ ᠤᠨ ᠳᠣᠲᠣᠷ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ  ᠶᠢ ᠴᠢᠩᠭᠠᠳᠬᠠᠵᠤ᠂ ᠪᠦᠬᠦ ᠲᠠᠯ᠎ᠠ  ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ  ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠪᠥᠬᠦ ᠬᠤᠰᠢᠭᠤᠨ ᠤ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢ ᠤᠮᠳᠤᠭᠠᠶᠢᠯᠠᠬᠤ᠂ ᠨᠠᠮ ᠤᠨ ᠰᠠᠬᠢᠯᠭ᠎ᠠ ᠪᠠᠲᠤ ᠶᠢᠨ ᠬᠤᠣᠷ ᠬᠥᠨᠥᠭᠡᠯᠳᠦ ᠴᠢᠨᠠᠷ ᠢ ᠵᠥᠷᠢᠴᠡᠬᠦ ᠲᠤᠬᠠᠢ ᠲᠠᠨᠢᠯᠲᠠ ᠪᠠᠨ ᠳᠡᠭᠡᠭᠰᠢᠯᠡᠭᠦᠯᠦᠨ᠂ ᠥᠨᠳᠥᠷ ᠪᠠᠷᠢᠮᠵᠢᠶ᠎ᠠ᠂ ᠥᠨᠳᠥᠷ ᠶᠠᠰᠤ ᠴᠢᠨᠠᠷ᠂ ᠥᠨᠳᠥᠷ ᠡᠬᠢᠯᠡᠯᠲᠡ ᠠᠴᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠵᠦ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠨ᠂ ᠥᠪᠡᠷ ᠢ ᠪᠠᠨ ᠬᠢᠵᠠᠭᠠᠷᠯᠠᠬᠤ ᠶᠢ ᠴᠢᠩᠭᠠᠳᠬᠠᠵᠤ᠂ ᠡᠭᠡᠯᠢᠯᠡᠭᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠪᠠᠲᠤ ᠬᠦᠴᠦᠨ᠂ ᠰᠠᠬᠢᠯᠭ᠎ᠠ ᠪᠠᠲᠤ ᠶᠢᠨ ᠪᠠᠲᠤ ᠬᠦᠴᠦᠨ᠂ ᠶᠣᠰᠣ ᠰᠤᠷᠲᠠᠬᠤᠨ ᠤ ᠪᠠᠲᠤ ᠬᠦᠴᠦᠨ᠂ ᠢᠯᠵᠠᠷᠠᠯ ᠢ ᠡᠰᠡᠷᠭᠦᠴᠡᠬᠦ ᠪᠠᠲᠤ ᠬᠦᠴᠦᠨ ᠢᠶᠠᠨ ᠴᠢᠩᠭᠠᠳᠬᠠᠵᠤ᠂ ᠢᠮᠠᠭᠲᠠ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠦᠨ᠎ᠡ ᠭᠡᠵᠡᠢ᠃    ᠰᠦᠨ ᠱᠤ᠋ ᠲᠤᠤ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠬᠠᠷᠠᠯᠲᠠ ᠡᠭᠦᠷᠭᠡ ᠪᠠᠨ ᠣᠨᠣᠪᠴᠢᠲᠠᠶ ᠡᠵᠡᠮᠰᠢᠵᠦ᠂ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠰᠤᠷᠤᠯᠴᠠᠬᠤ ᠭᠤᠣᠯᠳᠠᠯᠭ᠎ᠠ ᠪᠠᠨ ᠲᠣᠳᠣᠷᠬᠠᠶᠢᠯᠠᠵᠤ᠂ ︽ᠣᠨᠣᠯ ᠤᠨ ᠰᠤᠷᠤᠯᠴᠠᠯᠭ᠎ᠠ ᠶᠢᠨ ᠬᠢᠴᠢᠶᠡᠯ︾ ᠪᠠ ︽ᠰᠡᠷᠡᠮᠵᠢᠯᠡᠭᠦᠯᠬᠦ ᠬᠥᠮᠦᠵᠢᠯ ᠤᠨ ᠬᠢᠴᠢᠶᠡᠯ︾ ᠢ ᠰᠠᠶᠢᠲᠤᠷ ᠣᠷᠣᠭᠤᠯᠵᠤ᠂ ᠰᠤᠷᠤᠯᠴᠠᠨ ᠲᠤᠤᠱᠯᠠᠭᠤᠯᠬᠤ ᠳᠡᠭᠡᠷ᠎ᠡ ᠬᠦᠴᠦ ᠣᠷᠣᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠂ ᠲᠡᠷᠡ ᠬᠡᠪ ᠢᠶᠠᠷ  ᠨᠢ ᠰᠤᠷᠤᠯᠴᠠᠵᠤ᠂ ᠪᠦᠯᠦᠭ ᠪᠦᠯᠦᠭ ᠳᠠᠷᠠᠭᠠᠯᠠᠨ ᠰᠤᠷᠤᠯᠴᠠᠬᠤ ᠬᠡᠷᠡᠭᠲᠡᠢ᠃ ᠬᠤᠪᠢ ᠬᠥᠮᠥᠨ ᠤ ᠥᠪᠡᠷᠲᠡᠭᠡᠨ ᠰᠤᠷᠤᠯᠴᠠᠬᠤ ᠪᠠ ᠲᠥᠪᠯᠡᠷᠡᠭᠦᠯᠦᠨ ᠰᠤᠷᠤᠯᠴᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠨᠠᠮ ᠤᠨ ᠤᠯᠤᠰ ᠲᠥᠷᠥ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠣᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠲᠠᠢ ᠨᠢᠭᠲᠠ ᠤᠶᠠᠯᠳᠤᠭᠤᠯᠤᠨ ᠰᠤᠳᠤᠯᠤᠨ ᠶᠠᠷᠢᠯᠴᠠᠵᠤ᠂ ᠨᠠᠮ ᠤᠨ ᠰᠠᠬᠢᠯᠭ᠎ᠠ ᠪᠠᠲᠤ ᠶᠢᠨ ᠵᠦᠢᠯ ᠵᠤᠷᠪᠤᠰ ᠨᠢᠭᠡᠪᠦᠷᠢ ᠶᠢ ᠴᠥᠮ ᠨᠡᠪᠲᠡ ᠵᠠᠳᠠᠯᠤᠨ ᠣᠶᠢᠯᠠᠭᠠᠵᠤ᠂ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ᠤᠬᠠᠮᠰᠠᠷ ᠠᠴᠠ ᠪᠠᠨ ᠨᠠᠮ ᠤᠨ ᠰᠠᠬᠢᠯᠭ᠎ᠠ ᠪᠠᠲᠤ ᠨᠠᠮ ᠤᠨ ᠲᠣᠭᠲᠠᠭᠠᠯ ᠢ ᠡᠳᠦᠷ ᠲᠤᠳᠤᠮ ᠤᠨ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠬᠡᠮᠵᠢᠯᠲᠡ ᠶᠢᠨ ︽ᠬᠡᠮᠵᠢᠭᠦᠷ︾ ᠪᠣᠯᠭᠠᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ︽ᠳᠣᠣᠷᠠᠳᠤ ᠳᠡᠰ ᠤᠨ ᠤᠯᠠᠶᠢᠬᠤ︾ ︽ᠳᠡᠭᠡᠳᠦ ᠳᠡᠰ ᠤᠨ ᠬᠠᠷ᠎ᠠ︾ ᠶᠢ ᠴᠢᠩᠭ᠎ᠠ ᠰᠡᠷᠭᠡᠶᠢᠯᠡᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠰᠠᠬᠢᠯᠭ᠎ᠠ ᠪᠠᠲᠤ ᠶᠢ ᠰᠤᠷᠤᠯᠴᠠᠭᠤᠯᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠪᠣᠯᠭᠠᠬᠤ᠂ ᠰᠠᠬᠢᠯᠭ᠎ᠠ ᠪᠠᠲᠤ ᠶᠢ ᠰᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号