ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 4 · 15 ᠶᠢᠨ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷᠯᠢᠭ ᠲᠥᠪᠯᠡᠷᠡᠩᠭᠦᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/17
   2024 ᠣᠨ ᠪᠣᠯ ᠶᠡᠷᠦᠩᠬᠡᠢ ᠱᠦᠵᠢ ᠰᠢ ᠶᠢᠨ ᠫᠢᠩ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠳᠤᠷᠠᠳᠤᠭᠰᠠᠨ ᠠᠷᠪᠠᠨ ᠵᠢᠯ ᠤᠨ ᠤᠢ ᠪᠣᠯᠣᠨ᠎ᠠ᠃ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠪᠥᠬᠦ ᠬᠤᠰᠢᠭᠤᠨ ᠤ ᠺᠠᠳ᠋ᠷ ᠣᠯᠠᠨ ᠲᠦᠮᠡᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠢ ᠦᠨᠡᠨ ᠬᠦ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠬᠤ ᠶᠢᠨ ᠲᠥᠯᠥᠭᠡ᠂ 4 ᠰᠠᠷ᠎ᠠ ᠶᠢᠨ 15 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ︽ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢᠨ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠤᠭᠰᠠᠨ ᠠᠷᠪᠠᠨ ᠵᠢᠯ ᠤᠨ ᠣᠶ︾ ᠭᠡᠬᠦ ᠭᠤᠣᠯ ᠰᠡᠳᠦᠪᠲᠦ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠥᠷᠨᠢᠭᠦᠯᠪᠡ᠃    ᠰᠢᠩ ᠺᠧ ᠨᠡᠶᠢᠭᠡᠮ ᠲᠣᠭᠤᠷᠢᠭ ᠲᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠠᠯᠪᠠᠨ ᠭᠡᠷ ᠠᠴᠠ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ ᠵᠡᠷᠭᠡ 27 ᠨᠢᠭᠡᠴᠡ ᠲᠠᠢ ᠬᠠᠮᠲᠤᠷᠠᠨ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠥᠷᠨᠢᠭᠦᠯᠪᠡ᠃ ᠲᠤᠰ ᠠᠵᠢᠯᠯᠠᠭ᠎ᠠ ᠨᠢ ᠤᠬᠠᠭᠤᠯᠭ᠎ᠠ ᠶᠢᠨ ᠤᠷᠢᠶ᠎ᠠ ᠯᠣᠽᠦ᠋ᠩ ᠡᠯᠭᠦᠬᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠬᠤ᠂ ᠠᠮᠤᠷ ᠲᠦᠪᠰᠢᠨ ᠤ ᠭᠤᠣᠯ ᠰᠡᠳᠦᠪᠲᠦ ᠱᠤᠭ ᠵᠦᠴᠦᠭᠡ᠂ ᠴᠠᠷᠭᠢᠯ ᠬᠤᠯᠪᠣᠭ᠎ᠠ ᠵᠡᠷᠭᠡ ᠬᠡᠯᠪᠡᠷᠢ ᠪᠠᠷ ᠤᠯᠠᠨ ᠲᠦᠮᠡᠨ ᠳᠤ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠵᠤ᠂ ᠨᠠᠰᠢ ᠴᠠᠰᠢ ᠥᠩᠭᠡᠷᠡᠬᠦ ᠤᠯᠠᠨ ᠲᠦᠮᠡᠨ ᠬᠤᠶᠢᠨ᠎ᠠ ᠬᠤᠶᠢᠨ᠎ᠠ ᠠᠴᠠ ᠪᠠᠨ ᠵᠣᠭᠰᠣᠵᠤ᠂ ᠠᠵᠢᠯᠯᠠᠭ᠎ᠠ ᠳᠤ ᠣᠷᠣᠯᠴᠠᠵᠠᠢ᠃     ᠲᠣᠰ ᠤᠳᠠᠭᠠᠨ ᠤ ᠠᠵᠢᠯᠯᠠᠭ᠎ᠠ ᠶᠢ ᠡᠷᠭᠢᠯᠡᠭᠰᠡᠨ ᠨᠢ ᠥᠷᠭᠡᠨ ᠣᠯᠠᠨ ᠲᠦᠮᠡᠨ ᠳᠤ ᠤᠯᠤᠰ ᠤᠨ ᠠᠮᠤᠷ ᠲᠦᠪᠰᠢᠨ ᠤ ᠬᠤᠯᠪᠣᠭᠳᠠᠯ ᠪᠦᠬᠦᠢ ᠮᠡᠳᠡᠯᠭᠡ ᠶᠢ ᠨᠠᠩ ᠭᠦᠨᠵᠡᠭᠡᠢ ᠣᠶᠢᠯᠠᠭᠠᠭᠤᠯᠵᠤ᠂ ᠰᠤᠷᠤᠯᠴᠠᠵᠤ᠂ ᠡᠵᠡᠮᠰᠢᠭᠦᠯᠵᠦ ᠂ ᠪᠥᠬᠦ ᠠᠷᠠᠳ ᠢᠶᠠᠷ ᠢᠶᠠᠨ ᠤᠯᠤᠰ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号