ᠨᠢᠭᠡ᠂ ᠭᠤᠣᠯ ᠡᠭᠦᠷᠭᠡ ᠬᠠᠷᠢᠭᠤᠴᠠᠯᠭ᠎ᠠ᠄ | (ᠨᠢᠭᠡ) ᠨᠠᠮ ᠤᠨ ᠱᠤᠭᠤᠮ᠂ ᠴᠢᠭᠯᠡᠯᠲᠡ᠂ ᠲᠤᠶᠢᠷᠦ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢ | ᠬᠠᠷᠢᠭᠤᠴᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠨᠠᠮ ᠢ ᠪᠦᠬᠦ ᠲᠠᠯ᠎ᠠ ᠪᠠᠷ ᠴᠢᠩᠭ᠎ᠠ | ᠵᠠᠰᠠᠬᠤ ᠬᠠᠷᠢᠭᠤᠴᠠᠯᠭ᠎ᠠ ᠶᠢ ᠭᠦᠢᠴᠡᠳᠬᠡᠵᠦ᠂ ᠨᠠᠮ ᠤᠨ ᠪᠠᠶᠢᠭᠤᠯᠤᠯᠲᠠ ᠪᠠ ᠦᠵᠡᠯ ᠰᠠᠨᠠᠭ᠎ᠠ ᠤᠯᠤᠰ ᠲᠤᠶᠢᠷᠦ ᠶᠢᠨ | ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | ︵ᠬᠤᠶᠠᠷ︶ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠪᠣᠯᠣᠨ ᠬᠤᠯᠪᠣᠭᠳᠠᠯ ᠪᠦᠬᠦᠢ ᠭᠠᠶᠢᠯᠢ | ᠶᠢᠨ ᠪᠤᠰᠤ ᠣᠷᠣᠯᠭ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠣᠨ ᠵᠢᠷᠤᠮᠵᠢᠯ | ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠤᠱᠯᠠᠭᠤᠯᠤᠨ ᠬᠡᠷᠡᠭᠵᠢᠭᠦᠯᠬᠦ ᠢ ᠬᠠᠷᠢᠭᠤᠴᠠᠵᠤ᠂ ᠪᠣᠳᠠᠲᠠᠢ ᠬᠡᠷᠡᠭᠵᠢᠭᠦᠯᠬᠦ | ᠠᠷᠭ᠎ᠠ ᠢ ᠰᠤᠳᠤᠯᠤᠨ ᠲᠣᠭᠲᠠᠭᠠᠨ᠎ᠠ᠃ ᠤᠯᠤᠰ ᠠᠴᠠ ᠲᠣᠭᠲᠠᠭᠠᠭᠰᠠᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ | ᠲᠦᠷᠦ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ | ︵ᠭᠤᠷᠪᠠ︶ ᠲᠤᠰ ᠨᠢᠭᠡᠴᠡ ᠶᠢᠨ ᠢᠶᠠᠨ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠪᠣᠯᠣᠨ | ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢᠨ ᠤᠷᠲᠤᠪᠲᠤᠷ ᠪᠠ ᠤᠷᠳᠤ ᠬᠤᠭᠤᠴᠠᠭᠠᠨ ᠤ | ᠲᠥᠯᠦᠪᠵᠢᠭᠦᠯᠭᠡ ᠶᠢ ᠬᠠᠷᠢᠭᠤᠴᠠᠨ ᠰᠤᠳᠤᠯᠤᠨ ᠲᠣᠭᠲᠠᠭᠠᠵᠤ᠂ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ | ᠤᠨ ᠵᠠᠷᠤᠳᠠᠯ ᠪᠣᠯᠣᠨ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢᠨ ᠲᠥᠰᠥᠪ ᠤᠨ ᠬᠠᠷᠠᠯᠲᠠ ᠶᠢ | ᠲᠤᠭᠤᠷᠪᠢᠨ ᠲᠣᠭᠲᠠᠭᠠᠬᠤ ᠳᠤ ᠣᠷᠣᠯᠴᠠᠬᠤ ᠶᠢᠨ ᠬᠠᠮᠲᠤ ᠬᠠᠤᠯᠢ ᠶᠣᠰᠣᠭᠠᠷ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠲᠣᠰ ᠨᠢᠭᠡᠴᠡ ᠶᠢᠨ ᠢᠶᠠᠨ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠪᠣᠯᠣᠨ | ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢᠨ ᠨᠢᠭᠡᠳᠦᠯᠲᠡᠢ ᠲᠣᠭᠠᠴᠠᠭ᠎ᠠ ᠬᠢᠬᠦ ᠠᠵᠢᠯ ᠢ ᠬᠠᠷᠢᠭᠤᠴᠠᠨ᠎ᠠ᠃ | ᠣᠷᠣᠯᠭ᠎ᠠ ᠶᠢᠨ ᠵᠠᠳᠠᠯᠤᠯᠲᠠ ᠵᠢᠱᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠳᠥᠷᠪᠡ︶ ᠭᠠᠶᠢᠯᠢ ᠲᠠᠲᠠᠪᠤᠷᠢ ᠶᠢᠨ ᠠᠵᠤ ᠠᠬᠤᠢ ᠶᠢᠨ ᠵᠠᠳᠠᠯᠤᠯᠲᠠ ᠪᠠ ᠭᠠᠶᠢᠯᠢ ᠲᠠᠲᠠᠪᠤᠷᠢ ᠶᠢᠨ ᠲᠥᠷᠥ ᠶᠢᠨ | ᠪᠣᠳᠣᠯᠭ᠎ᠠ ᠶᠢᠨ ᠦᠷ᠎ᠡ ᠠᠰᠢᠭ ᠤᠨ ᠵᠠᠳᠠᠯᠤᠯᠲᠠ ᠬᠢᠬᠦ ᠶᠢ ᠬᠠᠷᠢᠭᠤᠴᠠᠨ ᠥᠷᠨᠢᠭᠦᠯᠵᠦ᠂ ᠤᠯᠤᠰ ᠤᠨ ᠭᠠᠶᠢᠯᠢ ᠶᠢᠨ | ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠬᠢᠩᠭᠠᠨ ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠠ ᠣᠷᠣᠨ | ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠰᠢᠢᠳᠪᠦᠷᠢᠲᠦ ᠪᠣᠳᠣᠯᠭ᠎ᠠ ᠶᠢᠨ ᠯᠠᠪᠯᠠᠯᠲᠠ ᠬᠠᠩᠭᠠᠨ᠎ᠠ | ᠃ | ︵ᠲᠠᠪᠤ︶ ᠬᠠᠷᠢᠶ᠎ᠠ ᠣᠷᠣᠨ ᠤ ᠳᠣᠲᠣᠷᠠᠬᠢ ᠡᠯ᠎ᠡ ᠵᠦᠢᠯ ᠤᠨ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ | ᠰᠦᠢᠳᠬᠡᠯ ᠪᠣᠯᠣᠨ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠬᠤ ᠬᠠᠮᠢᠶᠠᠷᠤᠯᠲᠠ ᠶᠢ | ᠬᠠᠷᠢᠭᠤᠴᠠᠨ᠎ᠠ᠃ ᠭᠠᠶᠢᠯᠢ ︵ᠰᠦᠢᠳᠬᠡᠯ︶ ᠶᠢᠨ ᠢᠷᠡᠯᠲᠡ ᠶᠢ ᠬᠢᠨᠠᠨ ᠡᠵᠡᠮᠳᠡᠬᠦ ᠪᠠ ᠲᠦᠭᠰᠢᠭᠦᠷᠢ ᠶᠢᠨ | ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠮᠣ ᠠᠵᠤ ᠠᠬᠤᠶᠢᠯᠠᠯ ᠪᠠ ᠪᠠᠶᠢᠭᠠᠯᠢ ᠬᠥᠮᠥᠨ ᠤ | ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ | ︵ᠵᠢᠷᠭᠤᠭ᠎ᠠ︶ ᠲᠣᠰ ᠨᠢᠭᠡᠴᠡ ᠶᠢᠨ ᠢᠶᠠᠨ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠪᠠ | ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ | ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠭᠠᠶᠢᠯᠢ ᠲᠤᠰᠢᠶᠠᠬᠤ ᠦᠢᠯᠡᠴᠢᠯᠡᠭᠡ᠂ ᠭᠠᠶᠢᠯᠢ | ᠲᠠᠲᠠᠪᠤᠷᠢ ᠶᠢᠨ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠶᠢᠯᠢ ᠲᠤᠰᠢᠶᠠᠭᠴᠢ᠂ | ᠰᠦᠢᠳᠬᠡᠯ ᠲᠤᠰᠢᠶᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠭᠠᠶᠢᠯᠢ ᠲᠠᠲᠠᠪᠤᠷᠢ᠂ | ᠨᠡᠶᠢᠭᠡᠮ ᠤᠨ ᠳᠠᠭᠠᠳᠬᠠᠯ ᠤᠨ ᠵᠠᠷᠤᠳᠠᠯ ᠪᠠ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠳᠤ | ᠬᠤᠯᠪᠣᠭᠳᠠᠭᠰᠠᠨ ᠵᠠᠰᠠᠭ ᠵᠠᠬᠢᠷᠭᠠᠨ ᠤ ᠰᠢᠳᠬᠡᠯ ᠤᠨ ᠭᠡᠷᠡᠴᠢᠯᠡᠭᠡ ᠰᠣᠨᠣᠰᠬᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ | ᠪᠠ ᠵᠠᠰᠠᠭ ᠵᠠᠬᠢᠷᠭᠠᠨ ᠤ ᠵᠠᠷᠭᠤ ᠶᠢᠨ ᠵᠦᠢᠯᠡᠰ ᠢ ᠡᠭᠦᠷᠭᠡᠯᠡᠨ᠎ᠡ᠃ | ︵ᠲᠤᠯᠤᠭ᠎ᠠ︶ ᠬᠠᠷᠢᠶ᠎ᠠ ᠣᠷᠣᠨ ᠤ ᠪᠠᠨ ᠳᠣᠲᠣᠷᠠᠬᠢ ᠤᠯᠤᠰ ᠤᠨ ᠬᠤᠭᠤᠷᠣᠨᠳᠣᠬᠢ ᠭᠠᠶᠢᠯᠢ ᠲᠠᠲᠠᠪᠤᠷᠢ | ᠪᠣᠯᠣᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ | ᠠᠵᠢᠯ ᠢ ᠬᠠᠷᠢᠭᠤᠴᠠᠵᠤ᠂ ᠭᠠᠶᠢᠯᠢ ᠠᠴᠠ ᠵᠠᠶᠢᠯᠠᠬᠤ ᠶᠢ ᠡᠰᠡᠷᠭᠦᠴᠡᠬᠦ ᠪᠠᠶᠢᠴᠠᠭᠠᠯᠲᠠ ᠪᠣᠯᠣᠨ ᠭᠠᠳᠠᠭᠠᠳᠤ | ᠭᠠᠷᠭᠠᠯᠭ᠎ᠠ ᠶᠢᠨ ᠭᠠᠶᠢᠯᠢ ᠶᠢ ᠪᠤᠴᠠᠭᠠᠬᠤ ᠶᠠᠪᠤᠳᠠᠯ ᠢ ᠭᠦᠢᠴᠡᠳᠬᠡᠬᠦ ᠶᠢ ᠵᠣᠬᠢᠶᠠᠨ ᠪᠠᠶᠢᠭᠤᠯᠤᠨ᠎ᠠ᠃ | ︵ᠨᠠᠢᠮᠠ︶ ᠥᠷᠳᠡᠭ ᠨᠡᠮᠡᠭᠳᠡᠯ ᠤᠨ ᠭᠠᠶᠢᠯᠢ ᠶᠢᠨ ᠲᠤᠰᠬᠠᠢ ᠪᠠᠷᠢᠮᠲᠠ᠂ ᠡᠩ ᠤᠨ ᠪᠠᠷᠢᠮᠲᠠ ᠪᠣᠯᠣᠨ ᠪᠤᠰᠤᠳ | ᠡᠯ᠎ᠡ ᠲᠥᠷᠥᠯ ᠤᠨ ᠪᠠᠷᠢᠮᠲᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠭᠠᠶᠢᠯᠢ ᠲᠠᠲᠠᠪᠤᠷᠢ᠂ ᠨᠡᠶᠢᠭᠡᠮ ᠤᠨ | ᠳᠠᠭᠠᠳᠬᠠᠯ ᠤᠨ ᠵᠠᠷᠤᠳᠠᠯ ᠪᠣᠯᠣᠨ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢᠨ ᠫᠢᠶᠣᠣ ᠲᠡᠮᠳᠡᠭ ᠤᠨ | ᠬᠠᠮᠢᠶᠠᠷᠤᠯᠲᠠ ᠶᠢ ᠬᠠᠷᠢᠭᠤᠴᠠᠨ᠎ᠠ᠃ | ︵ᠶᠢᠰᠦ︶ ᠲᠣᠰ ᠨᠢᠭᠡᠴᠡ ᠶᠢᠨ ᠢᠶᠠᠨ ᠡᠯ᠎ᠡ ᠵᠦᠢᠯ ᠤᠨ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ | ᠰᠦᠢᠳᠬᠡᠯ ᠪᠠ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠪᠠ ᠲᠤᠭ᠎ᠠ ᠪᠠᠷᠢᠮᠲᠠ ᠶᠢᠨ ᠵᠠᠰᠠᠯᠲᠠ ᠶᠢᠨ ᠠᠵᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠬᠦ ᠶᠢ ᠬᠠᠷᠢᠭᠤᠴᠠᠨ᠎ᠠ᠃ | ︵ᠠᠷᠪᠠ︶ ᠲᠣᠰ ᠨᠢᠭᠡᠴᠡ ᠶᠢᠨ ᠢᠶᠠᠨ ᠳᠣᠲᠣᠭᠠᠳᠤ ᠶᠢᠨ ᠡᠵᠡᠮᠳᠡᠬᠦ ᠲᠣᠭᠲᠠᠴᠠ ᠶᠢᠨ ᠪᠠᠶᠢᠭᠤᠯᠤᠯᠲᠠ ᠶᠢᠨ | ᠠᠵᠢᠯ ᠢ ᠬᠠᠷᠢᠭᠤᠴᠠᠵᠤ᠂ ᠲᠣᠰ ᠨᠢᠭᠡᠴᠡ ᠶᠢᠨ ᠢᠶᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠭᠰᠡᠨ ᠵᠢᠴᠢ ᠳᠡᠭᠡᠳᠦ | ᠱᠠᠲᠤᠨ ᠤ ᠠᠵᠢᠯ ᠤᠨ ᠪᠠᠶᠢᠷᠢᠯᠠᠭᠤᠯᠤᠯᠲᠠ ᠶᠢᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ | ᠭᠦᠢᠴᠡᠳᠬᠡᠬᠦ ᠶᠢ ᠥᠷᠨᠢᠭᠦᠯᠵᠦ᠂ ᠭᠠᠶᠢᠯᠢ ᠲᠠᠲᠠᠪᠤᠷᠢ ᠶᠢᠨ ᠬᠠᠤᠯᠢ ᠬᠡᠷᠡᠭᠵᠢᠭᠦᠯᠦᠯᠲᠡ ᠶᠢ ᠰᠢᠮᠳᠠᠭᠤᠯᠤᠨ | ᠪᠠᠶᠢᠴᠠᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠨᠢᠭᠡ︶ ᠲᠣᠰ ᠨᠢᠭᠡᠴᠡ ᠶᠢᠨ ᠢᠶᠠᠨ ᠦᠨᠳᠦᠰᠦᠨ ᠱᠠᠲᠤᠨ ᠤ ᠪᠠᠶᠢᠭᠤᠯᠤᠯᠲᠠ ᠪᠠ ᠺᠠᠳ᠋ᠷ ᠤᠨ | ᠡᠩᠨᠡᠭᠡ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠤᠳᠤᠷᠢᠳᠬᠤ ᠪᠠᠭ ᠪᠠ ᠪᠡᠯᠡᠳᠬᠡᠯ ᠺᠠᠳ᠋ᠷ ᠤᠨ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠭᠠᠶᠢᠯᠢ ᠶᠢᠨ ᠶᠠᠪᠤᠳᠠᠯ ᠤᠨ ᠴᠢᠳᠠᠪᠤᠷᠢᠲᠠᠨ ᠢ ᠬᠥᠮᠥᠵᠢᠭᠦᠯᠬᠦ ᠪᠠ | ᠺᠠᠳ᠋ᠷ ᠢ ᠬᠥᠮᠥᠵᠢᠭᠦᠯᠦᠨ ᠪᠣᠯᠪᠠᠰᠤᠷᠠᠭᠤᠯᠬᠤ ᠠᠵᠢᠯ ᠢ ᠡᠭᠦᠷᠭᠡᠯᠡᠨ᠎ᠡ᠃ ᠲᠣᠰ ᠨᠢᠭᠡᠴᠡ ᠶᠢᠨ ᠢᠶᠠᠨ ᠠᠵᠢᠯ ᠤᠨ | ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠ ᠺᠠᠳ᠋ᠷ ᠢ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠲᠣᠰ ᠨᠢᠭᠡᠴᠡ ᠶᠢᠨ ᠢᠶᠠᠨ ᠪᠠᠶᠢᠭᠤᠯᠤᠮᠵᠢ᠂ ᠣᠷᠣᠨ ᠲᠤᠭ᠎ᠠ᠂ ᠵᠠᠷᠤᠳᠠᠯ ᠪᠠ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠭᠤᠷᠪᠠ︶ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠬᠢᠩᠭᠠᠨ | ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠣᠯᠣᠨ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | |