ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠨᠢᠭᠲᠠ ᠬᠡᠯᠪᠡᠷᠢ ᠶᠢᠨ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/22
   ᠨᠢᠭᠲᠠ ᠬᠡᠯᠪᠡᠷᠢ ᠶᠢᠨ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠬᠢᠴᠠ ᠶᠢ ᠭᠦᠨᠵᠡᠭᠡᠢ ᠠᠬᠢᠭᠤᠯᠵᠤ᠂ ᠬᠤᠰᠢᠭᠤᠨ ᠤ ᠬᠡᠪᠴᠢᠶᠡᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠪᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠰᠢᠨ᠎ᠡ ᠬᠡᠯᠪᠡᠷᠢ ᠶᠢᠨ ᠰᠢᠶᠠᠨ ᠤ ᠬᠡᠪᠴᠢᠶᠡᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠰᠢᠰᠲ᠋ᠧᠮ ᠲᠠᠢ ᠳᠠᠬᠢᠨ ᠪᠠᠶᠢᠭᠤᠯᠬᠤ ᠶᠢᠨ ᠲᠥᠯᠥᠭᠡ᠂ 4 ᠰᠠᠷ᠎ᠠ ᠶᠢᠨ 18 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠨᠢᠭᠲᠠ ᠬᠡᠯᠪᠡᠷᠢ ᠶᠢᠨ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠢᠪᠡ᠃    ᠬᠤᠷᠠᠯ ᠠᠴᠠ ᠪᠥᠬᠦ ᠬᠤᠰᠢᠭᠤᠨ ᠤ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠡᠭᠦᠷᠭᠡ ᠶᠢᠨ ᠨᠠᠷᠢᠨ ᠲᠠᠩᠰᠠ ᠳᠤ ᠨᠠᠷᠢᠨ ᠲᠠᠶᠢᠯᠤᠮᠵᠢ ᠬᠢᠵᠦ᠂ ᠣᠶᠢᠷ᠎ᠠ ᠶᠢᠨ ᠬᠤᠭᠤᠴᠠᠭᠠᠨ ᠤ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠦᠬᠦᠢ ᠪᠠᠶᠢᠭᠤᠯᠤᠯᠭ᠎ᠠ ᠶᠢᠨ ᠬᠢᠨ ᠰᠢᠨ᠎ᠡ ᠴᠠᠭ ᠦᠶ᠎ᠡ ᠶᠢᠨ ᠨᠠᠮ ᠤᠨ ᠡᠷᠡᠭᠦᠯ ᠬᠠᠮᠠᠭᠠᠯᠠᠯ ᠪᠣᠯᠣᠨ ᠡᠷᠡᠭᠦᠯ ᠮᠡᠨᠳᠦ ᠶᠢᠨ ᠠᠵᠢᠯ ᠤᠨ ᠴᠢᠭᠯᠡᠯᠲᠡ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠠᠵᠢᠯ ᠤᠨ ᠬᠠᠷᠠᠯᠲᠠ ᠪᠠ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠡᠮᠴᠢᠯᠡᠭᠡ ᠪᠠᠷ ᠭᠤᠣᠯ ᠪᠣᠯᠭᠠᠬᠤ ᠶᠢ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ ᠳᠠᠰᠢ ᠬᠤᠪᠢᠷᠠᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠂ ᠬᠤᠰᠢᠭᠤᠨ ᠤ ᠬᠡᠪᠴᠢᠶᠡᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠪᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠠᠷᠠᠯᠲᠠ ᠲᠣᠳᠣᠷᠬᠠᠢ᠂ ᠡᠷᠬᠡ ᠬᠠᠷᠢᠭᠤᠴᠠᠯᠭ᠎ᠠ ᠲᠣᠳᠣᠷᠬᠠᠢ᠂ ᠠᠵᠢᠯ ᠬᠤᠪᠢᠶᠠᠷᠢᠯᠠᠨ ᠬᠠᠮᠵᠢᠯᠴᠠᠭᠰᠠᠨ ᠰᠢᠨ᠎ᠡ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠰᠢᠰᠲ᠋ᠧᠮ ᠲᠠᠢ ᠳᠠᠬᠢᠨ ᠪᠠᠶᠢᠭᠤᠯᠤᠨ᠎ᠠ︔ ᠳᠣᠲᠣᠭᠠᠳᠤ ᠶᠢᠨ ᠠᠵᠢᠯᠯᠠᠭᠠᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠪᠦᠬᠦᠯᠢ ᠴᠣᠭᠴᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠣᠯᠠᠨ ᠲᠦᠮᠡᠨ ᠳᠤ ᠴᠢᠨᠠᠷ ᠰᠠᠶᠢᠲᠠᠢ᠂ ᠥᠨᠳᠥᠷ ᠪᠦᠲᠦᠮᠵᠢᠲᠡᠶ᠂ ᠳᠥᠭᠦᠮ ᠳᠥᠲᠡ᠂ ᠬᠢᠮᠳᠠ ᠪᠦᠬᠦᠯᠢ ᠴᠣᠭᠴᠠᠲᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠬᠤ ᠬᠡᠷᠡᠭᠲᠡᠢ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号