ᠰᠦᠨ ᠱᠤ᠋ ᠲᠤᠸ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠡᠰᠡᠭ ᠰᠤᠮᠤ ᠰᠢᠶᠠᠩ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/22
   4 ᠰᠠᠷ᠎ᠠ ᠶᠢᠨ 18 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠡᠰᠡᠭ ᠰᠤᠮᠤ ᠰᠢᠶᠠᠩ ᠪᠠᠯᠭᠠᠰᠤᠨ ᠳᠤ ᠭᠦᠨᠵᠡᠭᠡᠶᠢᠷᠡᠨ ᠣᠳᠣᠬᠠᠨ ᠤ ᠭᠤᠣᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃    ᠰᠦᠨ ᠱᠤ᠋ ᠲᠤᠤ ᠨᠠᠷ ᠤᠷᠢᠳ ᠬᠤᠵᠢᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ  ᠭᠦᠢᠯᠡᠷ ᠪᠠᠯᠭᠠᠰᠤ ᠶᠢᠨ ᠶᠦᠩ ᠭᠦ᠋ ᠴᠢᠯᠠᠭᠤ ᠮᠠᠯᠲᠠᠬᠤ ᠲᠠᠯᠠᠪᠠᠢ᠂ ᠳ᠋ᠠᠱᠢᠵᠠᠢ ᠪᠠᠯᠭᠠᠰᠤ ᠶᠢᠨ ᠲᠤᠬᠠᠢ ᠲᠣᠰᠬᠤᠨ ᠤ ᠨᠢᠩ ᠲᠢᠶᠣᠣ ᠪᠣᠯᠪᠠᠰᠤᠷᠠᠭᠤᠯᠬᠤ ᠦᠢᠯᠡᠳᠪᠦᠷᠢ᠂ ᠠᠯᠳᠠᠷ ᠤᠨ ᠡᠪᠡᠰᠦᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠤᠯᠠᠭᠠᠨᠮᠣᠳᠤ ᠵᠧᠩ ᠳ᠋ᠡ ᠶᠡᠷᠦᠩᠬᠡᠶᠢᠯᠡᠭᠰᠡᠨ ᠤᠷᠠᠯᠢᠭ ᠤᠨ ᠵᠦᠴᠦᠭᠡ ᠶᠢᠨ ᠳᠤᠭᠤᠶᠢᠯᠠᠩ ᠤᠨ ᠦᠵᠡᠮᠵᠢ ᠶᠢᠨ ᠭᠠᠵᠠᠷ᠂ ᠮᠠᠨᠵᠤᠲ᠋ᠦ᠋ᠨ ᠤ ᠮᠠᠨᠵᠤ ᠦᠨᠳᠦᠰᠦᠲᠡᠨ ᠤ ᠰᠢᠶᠠᠩ ᠤᠨ ᠠᠯᠳᠠᠨ ᠤᠳᠤ ᠶᠢᠨ ᠮᠠᠯᠵᠢᠯ ᠤᠨ ᠴᠡᠭ᠂ ᠰᠠᠨ ᠴᠠ ᠭᠠᠯ ᠰᠡᠷᠭᠡᠶᠢᠯᠡᠬᠦ ᠦᠷᠳᠡᠭᠡ᠂ ᠬᠢᠩᠭᠠᠨ ᠠᠶᠢᠮᠠᠭ ᠤᠨ ᠠᠶᠢᠮᠠ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠢᠶᠠᠷ ᠭᠦᠨᠵᠡᠭᠡᠶᠢᠷᠡᠪᠡ᠃ ᠠᠶᠤᠯᠭᠦᠢ ᠦᠢᠯᠡᠳᠪᠦᠷᠢᠯᠡᠯ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠦᠢᠯᠡᠳᠪᠦᠷᠢᠯᠡᠯ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠬᠢᠯᠢ ᠬᠢᠵᠠᠭᠠᠷ ᠤᠨ ᠪᠠᠶᠢᠴᠠᠭᠠᠯᠲᠠ᠂ ᠤᠢ ᠰᠢᠭᠤᠢ ᠶᠢᠨ ᠭᠠᠯ ᠰᠡᠷᠭᠡᠶᠢᠯᠡᠬᠦ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃     ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠰᠦᠨ ᠱᠤ᠋ ᠲᠤᠤ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠪᠠᠲᠤ ᠪᠤᠶ ᠪᠣᠯᠭᠠᠵᠤ᠂ ᠮᠢᠨᠴᠦᠭᠦᠷᠡᠬᠦ ᠦᠵᠡᠯ ᠰᠠᠨᠠᠭ᠎ᠠ ᠪᠣᠯᠣᠨ ᠠᠵᠠ ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠲᠡᠪᠴᠢᠵᠦ᠂ ᠴᠠᠭ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠮᠤᠷ ᠲᠦᠪᠰᠢᠨ ᠤ ᠭᠡᠮ ᠰᠣᠭᠤᠭ ᠤᠨ ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠣᠷᠣᠨ ᠪᠠᠶᠢᠷᠢ᠂ ᠭᠤᠣᠯᠳᠠᠯᠭ᠎ᠠ ᠲᠠᠢ ᠭᠤᠭᠴᠤᠭ᠎ᠠ ᠳᠤ ᠪᠠᠶᠢᠴᠠᠭᠠᠯᠲᠠ ᠬᠢᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ︔ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠨᠵᠡᠭᠡᠢ ᠠᠭᠤᠳᠠᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠥᠪᠡᠷᠮᠢᠴᠡ ᠣᠨᠴᠠᠯᠢᠭ ᠲᠠᠢ ᠵᠢᠭᠤᠯᠴᠢᠯᠠᠯ ᠤᠨ ᠨᠠᠷᠠᠲᠤ ᠲᠡᠮᠳᠡᠭᠲᠦ ᠪᠦᠲᠦᠭᠡᠭᠳᠡᠬᠦᠨ ᠢ ᠪᠣᠶ ᠪᠣᠯᠭᠠᠵᠤ᠂ ︽ᠵᠢᠭᠤᠯᠴᠢᠯᠠᠯ +︾ ᠠᠵᠢᠯ ᠢ ᠰᠠᠶᠢᠲᠤᠷ ᠬᠢᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ︔ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠪᠠ ᠭᠤᠣᠯ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠤ ᠪᠦᠲᠦᠮᠵᠢᠲᠡᠶ ᠬᠠᠩᠭᠠᠯᠭ᠎ᠠ ᠶᠢ ᠪᠠᠲᠤᠯᠠᠨ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠣᠳᠣᠬᠢᠴᠢᠯᠠᠭᠰᠠᠨ ᠬᠥᠭᠵᠢᠯᠲᠡ ᠶᠢ ᠪᠡᠶᠡᠯᠡᠭᠦᠯᠦᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠣᠷᠣᠨ ᠨᠤᠲᠤᠭ ᠤᠨ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠪᠦᠲᠦᠮᠵᠢᠲᠡᠶ ᠳᠠᠶᠢᠴᠢᠯᠠᠬᠤ ᠬᠡᠷᠡᠭᠲᠡᠢ ᠭᠡᠵᠡᠢ᠃     ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠰᠢᠤᠸᠠᠢ ᠸᠧᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号