ᠲᠣᠪᠴᠢ ᠲᠠᠨᠢᠯᠴᠠᠭᠤᠯᠭ᠎ᠠ ᠄ | ᠡᠷᠡᠭᠲᠡᠢ᠂ ᠬᠢᠲᠠᠳ ᠦᠨᠳᠦᠰᠦᠲᠡᠨ᠂ 1976 ᠣᠨ ᠤ 5 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ | ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ | ᠤᠳᠤ ᠶᠢᠨ ᠲᠤᠰᠢᠶᠠᠯ᠄ | ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ | ᠳᠠᠷᠤᠭ᠎ᠠ | ᠠᠵᠢᠯ ᠤᠨ ᠬᠤᠪᠢᠶᠠᠷᠢᠯᠠᠯ᠄ | ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠬᠤᠰᠢᠭᠤᠨ ᠳᠠᠷᠤᠭ᠎ᠠ ᠯᠢᠦ | ᠬᠠᠢ ᠲᠤᠸ ᠨᠥᠬᠦᠷ ᠢ ᠬᠠᠪᠰᠤᠷᠤᠨ ᠰᠢᠶᠠᠨ ᠤ ᠬᠡᠪᠴᠢᠶᠡᠨ ᠤ ᠠᠵᠤ ᠠᠬᠤᠢ᠂ ᠶᠡᠷᠦᠩᠬᠡᠶᠢᠯᠡᠭᠰᠡᠨ ᠠᠵᠤ ᠠᠬᠤᠢ᠂ | ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ᠂ ᠠᠷᠠᠳ ᠤᠨ ᠠᠭᠠᠷ ᠤᠨ ᠰᠡᠷᠭᠡᠶᠢᠯᠡᠯᠲᠡ᠂ ᠲᠠᠷᠢᠶᠠᠯᠠᠩ ᠮᠠᠯ ᠠᠵᠤ | ᠠᠬᠤᠢ ᠪᠠ ᠮᠠᠯᠵᠢᠬᠤ ᠲᠠᠷᠢᠶᠠᠯᠠᠬᠤ ᠣᠷᠣᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠪᠠᠶᠢᠭᠤᠯᠭ᠎ᠠ ᠶᠢᠨ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ | ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ | ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶᠂ ᠵᠠᠰᠠᠭ ᠵᠠᠬᠢᠷᠭᠠᠨ ᠤ ᠶᠠᠪᠤᠳᠠᠯ ᠤᠨ ᠦᠢᠯᠡᠴᠢᠯᠡᠭᠡᠨ ᠤ | ᠲᠥᠪ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠯᠢᠤᠱᠦ᠋ᠢ ᠡᠭᠦᠯᠳᠡᠷ ᠤᠨ ᠮᠠᠯ ᠦᠷᠡᠵᠢᠭᠦᠯᠦᠨ | ᠪᠣᠶᠢᠵᠢᠭᠤᠯᠬᠤ ᠲᠥᠪ᠂ ᠲᠤᠭ᠎ᠠ ᠪᠦᠷᠢᠳᠬᠡᠯ ᠤᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ | ᠲᠥᠪ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠲᠣ ᠦᠶ᠎ᠡ ᠶᠢᠨ ᠲᠠᠷᠢᠶᠠᠯᠠᠩ ᠮᠠᠯ | ᠠᠵᠤ ᠠᠬᠤᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠮᠣ ᠲᠠᠷᠢᠶᠠᠯᠠᠩ ᠤᠨ ᠪᠡᠯᠡ | ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠠᠷᠠᠳ ᠤᠨ | ᠵᠡᠪᠰᠡᠭᠲᠦ ᠬᠦᠴᠦᠨ ᠤ ᠬᠡᠯᠲᠡᠰ᠂ ᠬᠢᠨᠠᠨ ᠪᠠᠶᠢᠴᠠᠭᠠᠬᠤ ᠵᠥᠪᠯᠡᠯ᠂ ᠡᠯ᠎ᠡ ᠠᠷᠠᠳᠴᠢᠯᠠᠭᠰᠠᠨ ᠨᠠᠮ ᠪᠦᠯᠦᠭ᠂ ᠴᠠᠭ | ᠠᠭᠤᠷ ᠤᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠪᠠᠶᠢᠴᠠᠭᠠᠬᠤ ᠠᠩᠭᠢ᠂ | ᠬᠤᠰᠢᠭᠤᠨ ᠳᠤ ᠰᠠᠭᠤᠭ᠎ᠠ ᠡᠯ᠎ᠡ ᠤᠯᠤᠰ ᠤᠨ ᠲᠠᠷᠢᠶᠠᠯᠠᠩ ᠮᠠᠯᠵᠢᠯ ᠤᠨ ᠲᠠᠯᠠᠪᠠᠶ ᠲᠠᠢ ᠬᠠᠷᠢᠯᠴᠠᠨ᠎ᠠ᠃ |