ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠡᠪᠰᠡᠭ ᠪᠠᠯᠭᠠᠰᠤᠨ ᠤ ᠮᠠᠨ ᠲᠸᠤ ᠱᠠᠨ ᠠᠭᠤᠯᠠᠨ ᠤ ︽ᠬᠤᠷᠴᠠ ᠤᠯᠠᠭᠠᠨ ᠴᠡᠴᠡᠭ ᠤᠨ ᠤᠯᠠᠷᠢᠯ︾ ᠤᠨ ᠠᠵᠢᠯᠯᠠᠭ᠎ᠠ ᠤᠳᠠᠯ ᠦᠭᠡᠢ ᠡᠬᠢᠯᠡᠬᠦ ᠪᠠᠷ ᠪᠣᠶ
ᠨᠡᠶᠢᠲᠡᠯᠡᠭᠰᠡᠨ ᠴᠠᠭ᠄
2024/4/26
   ᠬᠡᠳᠦᠨ ᠡᠳᠦᠷ ᠤᠨ ᠳᠠᠷᠠᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠡᠪᠰᠡᠭ ᠪᠠᠯᠭᠠᠰᠤᠨ ᠤ ᠮᠠᠨ ᠲᠸᠤ ᠱᠠᠨ ᠠᠭᠤᠯᠠ ᠶᠢᠨ ᠭᠠᠴᠠᠭᠠᠨ ᠤ ᠬᠤᠷᠴᠠ ᠤᠯᠠᠭᠠᠨ ᠴᠡᠴᠡᠭ ᠰᠣᠨᠢᠷᠬᠠᠬᠤ ᠬᠠᠮᠤᠭ ᠤᠨ ᠰᠠᠶᠢᠨ ᠬᠤᠭᠤᠴᠠᠭᠠᠨ ᠳᠤ ᠣᠷᠣᠬᠤ ᠪᠣᠯᠣᠨ᠎ᠠ᠂ ᠳᠡᠪᠰᠡᠭ ᠪᠠᠯᠭᠠᠰᠤ ᠣᠲᠣ ᠶᠠᠭ ︽ᠬᠠᠪᠤᠷ ᠤᠨ ᠤᠯᠠᠷᠢᠯ ᠤᠨ ᠬᠤᠷᠴᠠ ᠤᠯᠠᠭᠠᠨ ᠴᠡᠴᠡᠭ ᠤᠨ ᠤᠯᠠᠷᠢᠯ︾ ᠤᠨ ᠠᠵᠢᠯᠯᠠᠭ᠎ᠠ ᠪᠠᠨ ᠲᠦᠷᠭᠡᠳᠬᠡᠵᠦ᠂ 4 ᠰᠠᠷ᠎ᠠ ᠶᠢᠨ 29 ᠤ ᠡᠳᠦᠷ ᠤᠨ ᠡᠬᠢᠯᠡᠯᠲᠡ ᠳᠤ ᠪᠡᠯᠡᠳᠬᠡᠯ ᠬᠢᠵᠦ ᠪᠠᠶᠢᠨ᠎ᠠ᠃    ᠬᠠᠪᠤᠷ ᠤᠨ ᠪᠣᠯᠵᠤᠭ᠎ᠠ ᠲᠠᠢ ᠪᠣᠯᠪᠠᠰᠤ ᠴᠡᠴᠡᠭ ᠰᠠᠭᠠᠲᠠᠬᠤ ᠦᠭᠡᠢ᠂ ︽ᠬᠠᠪᠤᠷ ᠤᠨ ᠪᠣᠯᠵᠤᠭ᠎ᠠ ᠶᠢᠨ ᠬᠤᠷᠴᠠ ᠤᠯᠠᠭᠠᠨ ᠴᠡᠴᠡᠭ ᠤᠨ ᠤᠯᠠᠷᠢᠯ︾ ᠡᠬᠢᠯᠡᠬᠦ ᠠᠴᠠ ᠨᠢᠭᠡᠨᠲᠡ ᠲᠣᠩᠭᠤᠷᠤᠤ ᠲᠣᠭᠠᠯᠠᠯ ᠳᠤ ᠣᠷᠣᠵᠤ᠂ ᠮᠠᠨ ᠲᠸᠤ ᠱᠠᠨ ᠠᠭᠤᠯᠠ ᠶᠢᠨ ᠭᠠᠴᠠᠭ᠎ᠠ ᠶᠢᠨ ᠦᠵᠡᠮᠵᠢ ᠶᠢᠨ ᠣᠷᠣᠨ ᠤ ᠲᠠᠪᠴᠠᠩ ᠪᠠᠶᠢᠭᠤᠯᠬᠤ᠂ ᠵᠠᠮ ᠵᠠᠰᠠᠬᠤ ᠵᠡᠷᠭᠡ ᠡᠯ᠎ᠡ ᠵᠦᠢᠯ ᠤᠨ ᠠᠵᠢᠯ ᠢ ᠶᠠᠭ ᠪᠠᠴᠢᠮ ᠶᠠᠭᠠᠷᠠᠯᠲᠠᠢ ᠬᠢᠵᠦ᠂ ᠵᠢᠱᠢᠯᠲᠡ ᠪᠠᠷ 4 ᠰᠠᠷ᠎ᠠ ᠶᠢᠨ 29  ᠤ ᠡᠳᠦᠷ ᠠᠴᠠ ᠡᠮᠦᠨ᠎ᠡ ᠪᠦᠬᠦᠨ ᠢ ᠳᠠᠭᠤᠰᠬᠠᠬᠤ ᠪᠠᠷ ᠪᠤᠢ᠃       ᠵᠤᠭᠠᠴᠠᠭᠰᠠᠳ ᠲᠤ ︽ᠵᠢᠪᠦᠭᠰᠡᠨ ᠮᠠᠶ᠋ᠢᠭ︾ ᠤᠨ ᠵᠢᠭᠤᠯᠴᠢᠯᠠᠯ ᠤᠨ ᠣᠶᠢᠯᠠᠭᠠᠯᠲᠠ ᠣᠯᠭᠤᠬᠤ ᠶᠢᠨ ᠲᠥᠯᠥᠭᠡ᠂ ᠡᠨᠡ ᠵᠢᠯ ᠤᠨ ᠬᠤᠷᠴᠠ ᠤᠯᠠᠭᠠᠨ ᠴᠡᠴᠡᠭ ᠰᠣᠨᠢᠷᠬᠠᠬᠤ ᠤᠯᠠᠷᠢᠯ ᠳᠤ ︽ᠴᠡᠴᠡᠭ︾ ᠢᠶᠠᠷ ᠭᠤᠣᠯ ᠰᠡᠳᠦᠪ ᠪᠣᠯᠭᠠᠵᠤ᠂ ︽ᠴᠡᠴᠡᠭ ᠢᠶᠠᠷ ᠬᠠᠨᠢ ᠪᠣᠯᠭᠠᠬᠤ︾ ︽ᠴᠡᠴᠡᠭ ᠢᠶᠠᠷ ᠵᠠᠭᠤᠴᠢ ᠪᠣᠯᠭᠠᠬᠤ︾ ︽ᠴᠡᠴᠡᠭ ᠢᠶᠠᠷ ᠪᠡᠶ᠎ᠡ ᠪᠠᠨ ᠵᠠᠰᠠᠬᠤ︾ ︽ᠴᠡᠴᠡᠭ ᠢᠶᠠᠷ ᠴᠡᠩᠭᠡᠯ ᠢᠶᠠᠨ ᠪᠣᠯᠭᠠᠬᠤ︾ ᠵᠡᠷᠭᠡ ᠳᠥᠷᠪᠡᠨ ︽ᠴᠡᠴᠡᠭ︾ ᠤᠨ ᠰᠢᠷᠢᠰ ᠠᠵᠢᠯᠯᠠᠭ᠎ᠠ ᠶᠢ ᠥᠷᠨᠢᠭᠦᠯᠵᠦ᠂ ︽ᠦᠵᠡᠭᠦᠯᠦᠯᠭᠡ ᠶᠢᠨ ᠤᠷᠤᠯᠳᠤᠭᠠᠨ + ᠲᠣᠭᠤᠷᠢᠨ ᠵᠤᠭᠠᠴᠠᠬᠤ ᠥᠩᠭᠡᠷᠡᠯᠲᠡ + ᠬᠠᠷᠢᠯᠴᠠᠨ ᠰᠣᠯᠢᠯᠴᠠᠬᠤ︾ ᠠᠷᠭ᠎ᠠ ᠮᠠᠶ᠋ᠢᠭ ᠢᠶᠠᠷ ᠵᠤᠭᠠᠴᠠᠭᠰᠠᠳ ᠲᠤ ᠬᠤᠷᠴᠠ ᠤᠯᠠᠭᠠᠨ ᠴᠡᠴᠡᠭ ᠢ ᠰᠣᠨᠢᠷᠬᠠᠭᠤᠯᠬᠤ ᠶᠢᠨ ᠬᠠᠮᠲᠤ ᠪᠠᠰᠠ ᠭᠦᠨ ᠵᠤᠵᠠᠭᠠᠨ ᠵᠢᠭᠤᠯᠴᠢᠯᠠᠯ ᠤᠨ ᠠᠭᠤᠷ ᠠᠮᠢᠰᠬᠤᠯ ᠢ ᠮᠡᠳᠡᠷᠡᠭᠦᠯᠬᠦ ᠪᠣᠯᠣᠨ᠎ᠠ᠃    ᠳᠡᠪᠰᠡᠭ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠵᠧᠦ ᡁᠢ ᠬᠤᠤ᠄ ︽ᠨᠢᠳᠤᠨᠤᠨ ᠤ ᠬᠢ ᠲᠠᠢ ᠬᠠᠷᠢᠴᠠᠭᠤᠯᠪᠠᠯ᠂ ᠡᠨᠡ ᠵᠢᠯ ᠳᠡᠪᠰᠡᠭ ᠪᠠᠯᠭᠠᠰᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠲᠠᠯ᠎ᠠ ᠪᠠᠷ ᠶᠡᠭᠡ ᠬᠡᠮᠵᠢᠶᠡᠨ ᠤ ᠪᠡᠯᠡᠳᠬᠡᠯ ᠠᠵᠢᠯ ᠬᠢᠵᠦ᠂ 1.8 ᠺᠢᠯᠤᠮᠥᠲᠷ ᠤᠨ ᠠᠭᠤᠯᠠᠨ ᠳᠤ ᠭᠠᠷᠬᠤ ᠴᠠᠭᠠᠷᠢᠭ ᠤᠨ ᠱᠤᠭᠤᠮ ᠢ ᠵᠠᠰᠠᠵᠤ᠂ ᠲᠡᠷᠭᠡᠨ ᠵᠣᠭᠰᠣᠭᠠᠯ᠂ ᠵᠢᠵᠢᠭ ᠲᠠᠯᠠᠪᠠᠢ ᠶᠢ ᠪᠠᠶᠢᠭᠤᠯᠵᠠᠢ᠃ ᠲᠣᠰ ᠠᠵᠢᠯᠯᠠᠭ᠎ᠠ ᠶᠢᠨ ᠲᠤᠬᠠᠢ ᠶᠢᠨ ᠡᠳᠦᠷ ᠪᠠᠰᠠ ᠲᠠᠯᠠᠪᠠᠶ ᠶᠢᠨ ᠪᠥᠵᠢᠭ ᠤᠨ ᠤᠷᠤᠯᠳᠤᠭᠠᠨ᠂ ᠠᠷᠠᠳ ᠤᠨ ᠳᠠᠭᠤᠤ ᠶᠢᠨ ᠤᠷᠤᠯᠳᠤᠭᠠᠨ᠂ ᠵᠠᠯᠠᠭᠤᠴᠤᠳ ᠤᠨ ᠤᠷᠤᠭ ᠤᠨ ᠠᠭᠤᠯᠵᠠᠯᠲᠠ᠂ ᠠᠷᠪᠠᠨ ᠵᠦᠢᠯ ᠤᠨ ᠠᠮᠲᠠᠲᠤ ᠢᠳᠡᠭᠡᠨ ᠢ ᠠᠮᠲᠠᠯᠠᠬᠤ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠦᠵᠡᠭᠦᠯᠦᠯᠭᠡ ᠵᠡᠷᠭᠡ ᠪᠠᠶᠠᠯᠢᠭ ᠰᠠᠶᠢᠬᠠᠨ ᠠᠵᠢᠯᠯᠠᠭ᠎ᠠ ᠶᠢ ᠥᠷᠨᠢᠭᠦᠯᠵᠦ᠂ ᠵᠢᠭᠤᠯᠴᠢᠯᠠᠭᠴᠢᠳ ᠲᠤ ︿ᠵᠢᠭᠤᠯᠴᠢᠯᠠᠯ ᠬᠤᠳᠠᠯᠳᠤᠭ᠎ᠠ ᠵᠤᠭ᠎ᠠ ᠴᠡᠩᠭᠡᠯ ᠢ ᠨᠢᠭᠡ ᠴᠣᠭᠴᠠᠵᠢᠭᠤᠯᠤᠭᠰᠠᠨ﹀ ᠵᠢᠭᠤᠯᠴᠢᠯᠠᠯ ᠤᠨ ᠠᠷᠭ᠎ᠠ ᠮᠠᠶ᠋ᠢᠭ ᠢ ᠦᠨᠡᠨ ᠬᠦ ᠣᠶᠢᠯᠠᠭᠠᠭᠤᠯᠬᠤ ᠪᠣᠯᠣᠨ᠎ᠠ︾ ᠭᠡᠵᠡᠢ᠃    ᠣᠶᠢᠯᠠᠭᠠᠭᠰᠠᠨ ᠢᠶᠠᠷ᠂ ᠲᠣᠰ ᠤᠳᠠᠭᠠᠨ ᠤ ︽ᠬᠠᠪᠤᠷ ᠤᠨ ᠪᠣᠯᠵᠣᠭᠠᠨ ᠤ ᠬᠤᠷᠴᠠ ᠤᠯᠠᠭᠠᠨ ᠴᠡᠴᠡᠭ ᠤᠨ ᠤᠯᠠᠷᠢᠯ︾ ᠤᠨ ᠠᠵᠢᠯᠯᠠᠭ᠎ᠠ 5 ᠰᠠᠷ᠎ᠠ ᠶᠢᠨ 5 ᠤ ᠡᠳᠦᠷ ᠪᠣᠯᠲᠠᠯ᠎ᠠ ᠦᠷᠭᠦᠯᠵᠢᠯᠡᠨ᠎ᠡ᠂ ᠲᠣᠰ ᠠᠵᠢᠯᠯᠠᠭ᠎ᠠ ᠶᠢᠨ ᠬᠤᠭᠤᠴᠠᠭᠠᠨ ᠳᠤ᠂ ᠵᠤᠭᠠᠴᠠᠭᠰᠠᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠦᠨᠳᠦᠰᠦᠲᠡᠨ ᠤ ᠵᠠᠩ ᠦᠶᠯᠡ ᠶᠢ ᠣᠶᠢᠯᠠᠭᠠᠵᠤ᠂ ᠲᠤᠬᠠᠢ ᠶᠢᠨ ᠭᠠᠵᠠᠷ ᠤᠨ ᠠᠮᠲᠠᠲᠤ ᠢᠳᠡᠭᠡᠨ ᠢ ᠠᠮᠲᠠᠯᠠᠵᠤ᠂ ᠬᠥᠭᠡᠷᠦᠬᠦᠨ ᠰᠠᠶᠢᠬᠠᠨ ᠲᠣᠭᠯᠠᠯᠲᠠ ᠶᠢ ᠰᠣᠨᠢᠷᠬᠠᠬᠤ ᠪᠠᠷ ᠪᠠᠷᠠᠬᠤ ᠦᠭᠡᠢ᠂ ᠪᠠᠰᠠ ᠬᠢᠲᠠᠳ ᠬᠤᠪᠴᠠᠰᠤ ᠡᠮᠦᠰᠦᠨ ᠤᠯᠤᠰ ᠤᠨ ᠤᠷᠤᠰᠬᠠᠯ ᠢ ᠣᠶᠢᠯᠠᠭᠠᠵᠤ᠂ ︽ᠬᠠᠪᠤᠷ ᠤᠨ ᠤᠯᠠᠷᠢᠯ ᠳᠤ ᠬᠤᠷᠴᠠ ᠤᠯᠠᠭᠠᠨ ᠴᠡᠴᠡᠭ︾ ᠭᠡᠬᠦ ᠭᠤᠶᠣ ᠦᠵᠡᠮᠵᠢ ᠶᠢ ᠰᠣᠨᠢᠷᠬᠠᠵᠤ ᠪᠣᠯᠣᠨ᠎ᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号