ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠡᠪᠰᠡᠭ ᠪᠠᠯᠭᠠᠰᠤᠨ ᠤ ᠮᠠᠨ ᠲᠸᠤ ᠱᠠᠨ ᠠᠭᠤᠯᠠᠨ ᠤ ︽ᠬᠤᠷᠴᠠ ᠤᠯᠠᠭᠠᠨ ᠴᠡᠴᠡᠭ ᠤᠨ ᠤᠯᠠᠷᠢᠯ︾ ᠤᠨ ᠠᠵᠢᠯᠯᠠᠭ᠎ᠠ ᠤᠳᠠᠯ ᠦᠭᠡᠢ ᠡᠬᠢᠯᠡᠬᠦ ᠪᠠᠷ ᠪᠣᠶ
ᠨᠡᠶᠢᠲᠡᠯᠡᠭᠰᠡᠨ ᠴᠠᠭ᠄
2024/4/27
   ᠬᠡᠳᠦᠨ ᠡᠳᠦᠷ ᠤᠨ ᠳᠠᠷᠠᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠡᠪᠰᠡᠭ ᠪᠠᠯᠭᠠᠰᠤᠨ ᠤ ᠮᠠᠨ ᠲᠸᠤ ᠱᠠᠨ ᠠᠭᠤᠯᠠ ᠶᠢᠨ ᠭᠠᠴᠠᠭᠠᠨ ᠤ ᠬᠤᠷᠴᠠ ᠤᠯᠠᠭᠠᠨ ᠴᠡᠴᠡᠭ ᠰᠣᠨᠢᠷᠬᠠᠬᠤ ᠬᠠᠮᠤᠭ ᠤᠨ ᠰᠠᠶᠢᠨ ᠬᠤᠭᠤᠴᠠᠭᠠᠨ ᠳᠤ ᠣᠷᠣᠬᠤ ᠪᠣᠯᠣᠨ᠎ᠠ᠂ ᠳᠡᠪᠰᠡᠭ ᠪᠠᠯᠭᠠᠰᠤ ᠣᠲᠣ ᠶᠠᠭ ︽ᠬᠠᠪᠤᠷ ᠤᠨ ᠤᠯᠠᠷᠢᠯ ᠤᠨ ᠬᠤᠷᠴᠠ ᠤᠯᠠᠭᠠᠨ ᠴᠡᠴᠡᠭ ᠤᠨ ᠤᠯᠠᠷᠢᠯ︾ ᠤᠨ ᠠᠵᠢᠯᠯᠠᠭ᠎ᠠ ᠪᠠᠨ ᠲᠦᠷᠭᠡᠳᠬᠡᠵᠦ᠂ 4 ᠰᠠᠷ᠎ᠠ ᠶᠢᠨ 29 ᠤ ᠡᠳᠦᠷ ᠤᠨ ᠡᠬᠢᠯᠡᠯᠲᠡ ᠳᠤ ᠪᠡᠯᠡᠳᠬᠡᠯ ᠬᠢᠵᠦ ᠪᠠᠶᠢᠨ᠎ᠠ᠃    ᠬᠠᠪᠤᠷ ᠤᠨ ᠪᠣᠯᠵᠤᠭ᠎ᠠ ᠲᠠᠢ ᠪᠣᠯᠪᠠᠰᠤ ᠴᠡᠴᠡᠭ ᠰᠠᠭᠠᠲᠠᠬᠤ ᠦᠭᠡᠢ᠂ ︽ᠬᠠᠪᠤᠷ ᠤᠨ ᠪᠣᠯᠵᠤᠭ᠎ᠠ ᠶᠢᠨ ᠬᠤᠷᠴᠠ ᠤᠯᠠᠭᠠᠨ ᠴᠡᠴᠡᠭ ᠤᠨ ᠤᠯᠠᠷᠢᠯ︾ ᠡᠬᠢᠯᠡᠬᠦ ᠠᠴᠠ ᠨᠢᠭᠡᠨᠲᠡ ᠲᠣᠩᠭᠤᠷᠤᠤ ᠲᠣᠭᠠᠯᠠᠯ ᠳᠤ ᠣᠷᠣᠵᠤ᠂ ᠮᠠᠨ ᠲᠸᠤ ᠱᠠᠨ ᠠᠭᠤᠯᠠ ᠶᠢᠨ ᠭᠠᠴᠠᠭ᠎ᠠ ᠶᠢᠨ ᠦᠵᠡᠮᠵᠢ ᠶᠢᠨ ᠣᠷᠣᠨ ᠤ ᠲᠠᠪᠴᠠᠩ ᠪᠠᠶᠢᠭᠤᠯᠬᠤ᠂ ᠵᠠᠮ ᠵᠠᠰᠠᠬᠤ ᠵᠡᠷᠭᠡ ᠡᠯ᠎ᠡ ᠵᠦᠢᠯ ᠤᠨ ᠠᠵᠢᠯ ᠢ ᠶᠠᠭ ᠪᠠᠴᠢᠮ ᠶᠠᠭᠠᠷᠠᠯᠲᠠᠢ ᠬᠢᠵᠦ᠂ ᠵᠢᠱᠢᠯᠲᠡ ᠪᠠᠷ 4 ᠰᠠᠷ᠎ᠠ ᠶᠢᠨ 29  ᠤ ᠡᠳᠦᠷ ᠠᠴᠠ ᠡᠮᠦᠨ᠎ᠡ ᠪᠦᠬᠦᠨ ᠢ ᠳᠠᠭᠤᠰᠬᠠᠬᠤ ᠪᠠᠷ ᠪᠤᠢ᠃       ᠵᠤᠭᠠᠴᠠᠭᠰᠠᠳ ᠲᠤ ︽ᠵᠢᠪᠦᠭᠰᠡᠨ ᠮᠠᠶ᠋ᠢᠭ︾ ᠤᠨ ᠵᠢᠭᠤᠯᠴᠢᠯᠠᠯ ᠤᠨ ᠣᠶᠢᠯᠠᠭᠠᠯᠲᠠ ᠣᠯᠭᠤᠬᠤ ᠶᠢᠨ ᠲᠥᠯᠥᠭᠡ᠂ ᠡᠨᠡ ᠵᠢᠯ ᠤᠨ ᠬᠤᠷᠴᠠ ᠤᠯᠠᠭᠠᠨ ᠴᠡᠴᠡᠭ ᠰᠣᠨᠢᠷᠬᠠᠬᠤ ᠤᠯᠠᠷᠢᠯ ᠳᠤ ︽ᠴᠡᠴᠡᠭ︾ ᠢᠶᠠᠷ ᠭᠤᠣᠯ ᠰᠡᠳᠦᠪ ᠪᠣᠯᠭᠠᠵᠤ ᠂ ︽ᠴᠡᠴᠡᠭ ᠢᠶᠠᠷ ᠬᠠᠨᠢ ᠪᠣᠯᠭᠠᠬᠤ︾ ︽ᠴᠡᠴᠡᠭ ᠢᠶᠠᠷ ᠵᠠᠭᠤᠴᠢ ᠪᠣᠯᠭᠠᠬᠤ︾ ︽ᠴᠡᠴᠡᠭ ᠢᠶᠠᠷ ᠪᠡᠶ᠎ᠡ ᠪᠠᠨ ᠵᠠᠰᠠᠬᠤ︾ ︽ᠴᠡᠴᠡᠭ ᠢᠶᠠᠷ ᠴᠡᠩᠭᠡᠯ ᠢᠶᠠᠨ ᠪᠣᠯᠭᠠᠬᠤ︾ ᠵᠡᠷᠭᠡ ᠳᠥᠷᠪᠡᠨ ︽ᠴᠡᠴᠡᠭ︾ ᠤᠨ ᠰᠢᠷᠢᠰ ᠠᠵᠢᠯᠯᠠᠭ᠎ᠠ ᠶᠢ ᠥᠷᠨᠢᠭᠦᠯᠵᠦ᠂ ︽ᠦᠵᠡᠭᠦᠯᠦᠯᠭᠡ ᠶᠢᠨ ᠤᠷᠤᠯᠳᠤᠭᠠᠨ + ᠲᠣᠭᠤᠷᠢᠨ ᠵᠤᠭᠠᠴᠠᠬᠤ ᠥᠩᠭᠡᠷᠡᠯᠲᠡ + ᠬᠠᠷᠢᠯᠴᠠᠨ ᠰᠣᠯᠢᠯᠴᠠᠬᠤ︾ ᠠᠷᠭ᠎ᠠ ᠮᠠᠶ᠋ᠢᠭ ᠢᠶᠠᠷ ᠵᠤᠭᠠᠴᠠᠭᠰᠠᠳ ᠲᠤ ᠬᠤᠷᠴᠠ ᠤᠯᠠᠭᠠᠨ ᠴᠡᠴᠡᠭ ᠢ ᠰᠣᠨᠢᠷᠬᠠᠭᠤᠯᠬᠤ ᠶᠢᠨ ᠬᠠᠮᠲᠤ ᠪᠠᠰᠠ ᠭᠦᠨ ᠵᠤᠵᠠᠭᠠᠨ ᠵᠢᠭᠤᠯᠴᠢᠯᠠᠯ ᠤᠨ ᠠᠭᠤᠷ ᠠᠮᠢᠰᠬᠤᠯ ᠢ ᠮᠡᠳᠡᠷᠡᠭᠦᠯᠬᠦ ᠪᠣᠯᠣᠨ᠎ᠠ᠃    ᠳᠡᠪᠰᠡᠭ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠵᠧᠦ ᡁᠢ ᠬᠤᠤ᠄ ︽ᠨᠢᠳᠤᠨᠤᠨ ᠤ ᠬᠢ ᠲᠠᠢ ᠬᠠᠷᠢᠴᠠᠭᠤᠯᠪᠠᠯ᠂ ᠡᠨᠡ ᠵᠢᠯ ᠳᠡᠪᠰᠡᠭ ᠪᠠᠯᠭᠠᠰᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠲᠠᠯ᠎ᠠ ᠪᠠᠷ ᠶᠡᠭᠡ ᠬᠡᠮᠵᠢᠶᠡᠨ ᠤ ᠪᠡᠯᠡᠳᠬᠡᠯ ᠠᠵᠢᠯ ᠬᠢᠵᠦ᠂ 1.8 ᠺᠢᠯᠤᠮᠥᠲᠷ ᠤᠨ ᠠᠭᠤᠯᠠᠨ ᠳᠤ ᠭᠠᠷᠬᠤ ᠴᠠᠭᠠᠷᠢᠭ ᠤᠨ ᠱᠤᠭᠤᠮ ᠢ ᠵᠠᠰᠠᠵᠤ᠂ ᠲᠡᠷᠭᠡᠨ ᠵᠣᠭᠰᠣᠭᠠᠯ᠂ ᠵᠢᠵᠢᠭ ᠲᠠᠯᠠᠪᠠᠢ ᠶᠢ ᠪᠠᠶᠢᠭᠤᠯᠵᠠᠢ᠃ ᠲᠣᠰ ᠠᠵᠢᠯᠯᠠᠭ᠎ᠠ ᠶᠢᠨ ᠲᠤᠬᠠᠢ ᠶᠢᠨ ᠡᠳᠦᠷ ᠪᠠᠰᠠ ᠲᠠᠯᠠᠪᠠᠶ ᠶᠢᠨ ᠪᠥᠵᠢᠭ ᠤᠨ ᠤᠷᠤᠯᠳᠤᠭᠠᠨ᠂ ᠠᠷᠠᠳ ᠤᠨ ᠳᠠᠭᠤᠤ ᠶᠢᠨ ᠤᠷᠤᠯᠳᠤᠭᠠᠨ᠂ ᠵᠠᠯᠠᠭᠤᠴᠤᠳ ᠤᠨ ᠤᠷᠤᠭ ᠤᠨ ᠠᠭᠤᠯᠵᠠᠯᠲᠠ᠂ ᠠᠷᠪᠠᠨ ᠵᠦᠢᠯ ᠤᠨ ᠠᠮᠲᠠᠲᠤ ᠢᠳᠡᠭᠡᠨ ᠢ ᠠᠮᠲᠠᠯᠠᠬᠤ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠦᠵᠡᠭᠦᠯᠦᠯᠭᠡ ᠵᠡᠷᠭᠡ ᠪᠠᠶᠠᠯᠢᠭ ᠰᠠᠶᠢᠬᠠᠨ ᠠᠵᠢᠯᠯᠠᠭ᠎ᠠ ᠶᠢ ᠥᠷᠨᠢᠭᠦᠯᠵᠦ᠂ ᠵᠢᠭᠤᠯᠴᠢᠯᠠᠭᠴᠢᠳ ᠲᠤ ︿ᠵᠢᠭᠤᠯᠴᠢᠯᠠᠯ ᠬᠤᠳᠠᠯᠳᠤᠭ᠎ᠠ ᠵᠤᠭ᠎ᠠ ᠴᠡᠩᠭᠡᠯ ᠢ ᠨᠢᠭᠡ ᠴᠣᠭᠴᠠᠵᠢᠭᠤᠯᠤᠭᠰᠠᠨ﹀ ᠵᠢᠭᠤᠯᠴᠢᠯᠠᠯ ᠤᠨ ᠠᠷᠭ᠎ᠠ ᠮᠠᠶ᠋ᠢᠭ ᠢ ᠦᠨᠡᠨ ᠬᠦ ᠣᠶᠢᠯᠠᠭᠠᠭᠤᠯᠬᠤ ᠪᠣᠯᠣᠨ᠎ᠠ︾ ᠭᠡᠵᠡᠢ᠃ ᠣᠶᠢᠯᠠᠭᠠᠭᠰᠠᠨ ᠢᠶᠠᠷ᠂ ᠲᠣᠰ ᠤᠳᠠᠭᠠᠨ ᠤ ︽ᠬᠠᠪᠤᠷ ᠤᠨ ᠪᠣᠯᠵᠣᠭᠠᠨ ᠤ ᠬᠤᠷᠴᠠ ᠤᠯᠠᠭᠠᠨ ᠴᠡᠴᠡᠭ ᠤᠨ ᠤᠯᠠᠷᠢᠯ︾ ᠤᠨ ᠠᠵᠢᠯᠯᠠᠭ᠎ᠠ 5 ᠰᠠᠷ᠎ᠠ ᠶᠢᠨ 5 ᠤ ᠡᠳᠦᠷ ᠪᠣᠯᠲᠠᠯ᠎ᠠ ᠦᠷᠭᠦᠯᠵᠢᠯᠡᠨ᠎ᠡ᠂ ᠲᠣᠰ ᠠᠵᠢᠯᠯᠠᠭ᠎ᠠ ᠶᠢᠨ ᠬᠤᠭᠤᠴᠠᠭᠠᠨ ᠳᠤ᠂ ᠵᠤᠭᠠᠴᠠᠭᠰᠠᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠦᠨᠳᠦᠰᠦᠲᠡᠨ ᠤ ᠵᠠᠩ ᠦᠶᠯᠡ ᠶᠢ ᠣᠶᠢᠯᠠᠭᠠᠵᠤ᠂ ᠲᠤᠬᠠᠢ ᠶᠢᠨ ᠭᠠᠵᠠᠷ ᠤᠨ ᠠᠮᠲᠠᠲᠤ ᠢᠳᠡᠭᠡᠨ ᠢ ᠠᠮᠲᠠᠯᠠᠵᠤ᠂ ᠬᠥᠭᠡᠷᠦᠬᠦᠨ ᠰᠠᠶᠢᠬᠠᠨ ᠲᠣᠭᠯᠠᠯᠲᠠ ᠶᠢ ᠰᠣᠨᠢᠷᠬᠠᠬᠤ ᠪᠠᠷ ᠪᠠᠷᠠᠬᠤ ᠦᠭᠡᠢ᠂ ᠪᠠᠰᠠ ᠬᠢᠲᠠᠳ ᠬᠤᠪᠴᠠᠰᠤ ᠡᠮᠦᠰᠦᠨ ᠤᠯᠤᠰ ᠤᠨ ᠤᠷᠤᠰᠬᠠᠯ ᠢ ᠣᠶᠢᠯᠠᠭᠠᠵᠤ᠂ ︽ᠬᠠᠪᠤᠷ ᠤᠨ ᠤᠯᠠᠷᠢᠯ ᠳᠤ ᠬᠤᠷᠴᠠ ᠤᠯᠠᠭᠠᠨ ᠴᠡᠴᠡᠭ︾ ᠭᠡᠬᠦ ᠭᠤᠶᠣ ᠦᠵᠡᠮᠵᠢ ᠶᠢ ᠰᠣᠨᠢᠷᠬᠠᠵᠤ ᠪᠣᠯᠣᠨ᠎ᠠ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号