ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠶᠤᠯᠭᠦᠢ ᠦᠢᠯᠡᠳᠪᠦᠷᠢᠯᠡᠯ ᠤᠨ︽ᠦᠨᠳᠦᠰᠦᠨ ᠠᠴᠠ ᠨᠢ ᠵᠠᠰᠠᠵᠤ ᠪᠣᠭᠤᠮᠲᠠ ᠰᠢᠪᠲᠤᠯᠬᠤ︾ᠭᠤᠷᠪᠠᠨ ᠵᠢᠯ ᠤᠨ ᠲᠤᠰᠬᠠᠢ ᠠᠵᠢᠯᠯᠠᠭ᠎ᠠ ᠶᠢ ᠠᠬᠢᠭᠤᠯᠬᠤ ᠬᠤᠷᠠᠯ ᠵᠢᠴᠢ ᠪᠦᠬᠦ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/27
   4 ᠰᠠᠷ᠎ᠠ ᠶᠢᠨ 25 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠶᠤᠯᠭᠦᠢ ᠦᠢᠯᠡᠳᠪᠦᠷᠢᠯᠡᠯ ᠤᠨ ︽ᠦᠨᠳᠦᠰᠦᠨ ᠠᠴᠠ ᠨᠢ ᠵᠠᠰᠠᠵᠤ ᠪᠣᠭᠤᠮᠲᠠ ᠰᠢᠪᠲᠤᠯᠬᠤ︾ ᠭᠤᠷᠪᠠᠨ ᠵᠢᠯ ᠤᠨ ᠲᠤᠰᠬᠠᠢ ᠠᠵᠢᠯᠯᠠᠭ᠎ᠠ ᠶᠢ ᠠᠬᠢᠭᠤᠯᠬᠤ ᠬᠤᠷᠠᠯ ᠵᠢᠴᠢ ᠪᠥᠬᠦ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠢ ᠲᠤᠸ ᠬᠤᠷᠠᠯ ᠳᠤ ᠣᠷᠣᠯᠴᠠᠵᠠᠢ᠃    ᠯᠢᠦ ᠬᠠᠢ ᠲᠤᠸ ᠴᠢᠬᠤᠯᠠᠴᠢᠯᠠᠬᠤ ᠳᠠᠭᠠᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠬᠢᠬᠦ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠭᠤᠷᠪᠠᠨ ᠬᠠᠷᠢᠭᠤᠴᠠᠯᠭ᠎ᠠ︾ ᠶᠢ ᠡᠷᠡᠰ ᠪᠠᠲᠤ ᠡᠭᠦᠷᠭᠡᠯᠡᠵᠦ᠂ ᠢᠯᠠᠩᠭᠤᠶ᠎ᠠ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠭᠤᠣᠯᠳᠠᠯᠭ᠎ᠠ ᠲᠠᠢ ᠨᠢᠭᠡᠴᠡ᠂ ᠭᠤᠣᠯᠳᠠᠯᠭ᠎ᠠ ᠲᠠᠢ ᠠᠵᠢᠯ ᠤᠨ ᠪᠠᠶᠢᠷᠢ ᠳᠤ ᠴᠢᠭᠯᠡᠭᠦᠯᠦᠨ ᠴᠢᠩᠭ᠎ᠠ ᠱᠠᠭᠠᠷᠳᠠᠯᠭ᠎ᠠ ᠲᠠᠯᠪᠢᠵᠤ᠂ ᠠᠵᠢᠯ ᠳᠠᠭᠠᠨ ᠰᠢᠮᠳᠠᠨ ᠬᠠᠮᠢᠶᠠᠷᠴᠤ᠂ ᠶᠡᠭᠡ ᠪᠠᠭ᠎ᠠ ᠶᠠᠪᠤᠳᠠᠯ ᠭᠡᠵᠦ ᠦᠭᠡᠢ᠂ ᠮᠢᠨᠴᠦᠭᠦᠷᠡᠨ ᠲᠠᠶᠢᠪᠤᠰᠢᠷᠠᠬᠤ᠂ ᠬᠥᠩᠭᠡᠨ ᠬᠠᠭᠤᠮᠠᠭᠠᠢ ᠬᠠᠨᠳᠤᠬᠤ ᠵᠡᠷᠭᠡ ᠭᠤᠷᠢᠳᠠᠬᠤ ᠪᠣᠳᠣᠯ ᠢ ᠡᠷᠡᠰ ᠬᠤᠷᠢᠭᠯᠠᠬᠤ ᠬᠡᠷᠡᠭᠲᠡᠢ ᠭᠡᠵᠡᠢ᠃ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠳ ᠰᠤᠷᠤᠯᠴᠠᠬᠤ ᠣᠪᠣᠷ ᠢᠶᠠᠨ ᠤᠯᠠᠮ ᠨᠢᠭᠡ ᠠᠯᠬᠤᠮ ᠲᠥᠪ ᠪᠣᠯᠭᠠᠵᠤ᠂ ᠲᠥᠷᠥ ᠶᠢᠨ ᠪᠣᠳᠣᠯᠭ᠎ᠠ᠂ ᠳᠦᠷᠢᠮ ᠲᠣᠭᠲᠠᠭᠠᠯ᠂ ᠱᠠᠭᠠᠷᠳᠠᠯᠭ᠎ᠠ ᠶᠢ ᠪᠥᠬᠦ ᠲᠠᠯ᠎ᠠ ᠪᠠᠷ ᠡᠵᠡᠮᠰᠢᠨ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠵᠢᠴᠢ ᠠᠶᠤᠯᠭᠦᠢ ᠦᠢᠯᠡᠳᠪᠦᠷᠢᠯᠡᠯ ᠤᠨ ᠡᠷᠡᠭᠦᠯ ᠢᠶᠠᠷ ᠬᠥᠭᠵᠢᠬᠦ ᠶᠢ ᠬᠠᠮᠲᠤ ᠪᠠᠷ ᠠᠬᠢᠭᠤᠯᠤᠨ᠎ᠠ ᠭᠡᠵᠡᠢ᠃    ᠪᠣᠯᠪᠠᠰᠤᠷᠠᠭᠤᠯᠤᠯ ᠤᠨ ᠬᠤᠷᠠᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ᠤᠨ ᠬᠢᠩᠭᠠᠨ ᠬᠤᠪᠢᠶᠠᠷᠢ ᠬᠦᠷᠢᠶᠡᠯᠡᠩ᠂ ᠠᠶᠢᠮᠠᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠲᠤᠰᠬᠠᠢ ᠮᠡᠷᠭᠡᠵᠢᠯᠲᠡᠨ ᠯᠧᠺᠲ᠋ᠣᠷ ᠢ ᠤᠷᠢᠵᠤ ᠬᠢᠴᠢᠶᠡᠯ  ᠣᠷᠣᠭᠤᠯᠪᠠ᠃ ᠪᠣᠯᠪᠠᠰᠤᠷᠠᠯ ᠨᠢ ᠨᠠᠮ ᠪᠣᠯᠣᠨ ᠤᠯᠤᠰ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠭᠯᠡᠯᠲᠡ ᠲᠦᠷᠦ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠪᠦᠬᠦ ᠲᠠᠯ᠎ᠠ ᠪᠠᠷ ᠨᠠᠷᠢᠯᠢᠭ ᠲᠠᠶᠢᠯᠪᠤᠷᠢᠯᠠᠵᠤ᠂ ᠠᠭᠤᠯᠭ᠎ᠠ ᠪᠣᠳᠠᠲᠠᠢ᠂ ᠬᠡᠯᠪᠡᠷᠢ ᠰᠢᠨ᠎ᠡ ᠪᠠᠶᠢᠵᠤ᠂ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠪᠣᠯᠣᠨ ᠠᠵᠢᠯᠯᠠᠬᠤ ᠤᠷ᠎ᠠ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ ᠠᠷᠢᠯᠭᠠᠪᠠ᠃     ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠭᠡᠰᠢᠭᠦᠨ ᠨᠢᠭᠡᠴᠡ ᠪᠣᠯᠣᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠳ ᠪᠣᠯᠪᠠᠰᠤᠷᠠᠯ ᠳᠤ ᠣᠷᠣᠯᠴᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号