ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2024 ᠣᠨ ᠤ ᠪᠥᠬᠦ ᠬᠤᠰᠢᠭᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠰᠣᠶᠣᠯ ᠤᠨ ᠠᠵᠢᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2024/4/28
   4 ᠰᠠᠷ᠎ᠠ ᠶᠢᠨ 26 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2024 ᠣᠨ ᠤ ᠪᠥᠬᠦ ᠬᠤᠰᠢᠭᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠰᠣᠶᠣᠯ ᠤᠨ ᠠᠵᠢᠯ ᠤᠨ ᠬᠤᠷᠠᠯ ᠬᠢᠪᠡ᠃    ᠬᠤᠷᠠᠯ  ᠠᠴᠠ 2023 ᠣᠨ ᠤ ᠪᠥᠬᠦ ᠬᠤᠰᠢᠭᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠰᠣᠶᠣᠯ ᠤᠨ ᠠᠵᠢᠯ ᠢ ᠪᠥᠬᠦ ᠲᠠᠯ᠎ᠠ ᠪᠠᠷ ᠳ᠋ᠦᠩᠨᠡᠵᠦ᠂ 2024 ᠣᠨ ᠤ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠤ᠂ ᠪᠥᠬᠦ ᠬᠤᠰᠢᠭᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠰᠣᠶᠣᠯ ᠤᠨ ᠠᠵᠢᠯ ᠤᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠪᠠ᠃    ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠪᠠᠶᠢᠳᠠᠯ ᠢ ᠴᠢᠩᠭ᠎ᠠ ᠳᠠᠭᠠᠵᠤ᠂ ᠰᠢᠨ᠎ᠡ ᠬᠥᠭᠵᠢᠯᠲᠡ ᠶᠢ ᠡᠷᠢᠯᠬᠢᠯᠡᠵᠦ᠂ ᠰᠢᠨ᠎ᠡ ᠴᠠᠭ ᠦᠶ᠎ᠡ ᠶᠢᠨ ᠨᠠᠰᠤᠲᠠᠶᠢᠴᠤᠳ ᠤᠨ ᠪᠡᠶ᠎ᠡ ᠶᠢᠨ ᠲᠠᠮᠢᠷ ᠰᠣᠶᠣᠯ ᠤᠨ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠠᠷᠭ᠎ᠠ ᠬᠡᠯᠪᠡᠷᠢ ᠶᠢᠨ ᠰᠢᠨ᠎ᠡ ᠶᠢ ᠲᠠᠰᠤᠷᠠᠯᠲᠠ ᠦᠭᠡᠢ ᠡᠭᠦᠳᠴᠦ᠂ ᠦᠢᠯᠡᠴᠢᠯᠡᠭᠡᠨ ᠤ ᠬᠡᠯᠬᠢᠶ᠎ᠡ ᠶᠢ ᠤᠷᠲᠤᠳᠬᠠᠨ᠂ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠵᠦ᠂ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠤᠨ᠂ ᠨᠠᠰᠤᠲᠠᠶᠢᠴᠤᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠯᠠᠨ ᠡᠰᠢᠵᠢᠭᠰᠡᠨ᠂ ᠥᠪᠡᠷᠮᠢᠴᠡ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠬᠠᠩᠭᠠᠵᠤ᠂ ᠪᠥᠬᠦ ᠬᠤᠰᠢᠭᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠰᠣᠶᠣᠯ ᠤᠨ ᠦᠢᠯᠡᠰ ᠤᠨ ᠨᠠᠩ ᠰᠠᠶᠢᠨ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃    ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠳ᠋ᠢᠩ ᠪᠥᠸᠧ᠂ ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠰᠢᠭᠤᠨ ᠤ ᠨᠠᠰᠤᠲᠠᠶᠢᠴᠤᠳ ᠤᠨ ᠵᠥᠪᠯᠡᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号