ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠭᠤᠴᠢᠨ ᠳᠣᠯᠣᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/29
   4 ᠰᠠᠷ᠎ᠠ ᠶᠢᠨ 27 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠢ ᠲᠤᠸ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠭᠤᠴᠢᠨ ᠳᠣᠯᠣᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠥᠷᠥ  ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠪᠥᠬᠦ ᠤᠯᠤᠰ᠂ ᠪᠥᠬᠦ ᠣᠷᠣᠨ ᠤ ᠥᠷᠢ ᠰᠢᠷᠢ ᠶᠢᠨ ᠠᠵᠤ ᠦᠢᠯᠡᠳᠪᠦᠷᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠪᠥᠬᠦ ᠠᠶᠢᠮᠠᠭ ᠤᠨ ᠠᠶᠤᠯ ᠦᠭᠡᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠤᠨ ᠵᠣᠷᠢᠭ ᠰᠠᠨᠠᠭ᠎ᠠ᠂ ᠪᠥᠬᠦ ᠬᠤᠰᠢᠭᠤᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ︽ᠮᠢᠩᠭᠠᠨ ᠲᠦᠮᠡᠨ ᠢᠨᠵᠧᠨᠧᠷᠢᠩ︾ ᠤᠨ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠢ ᠡᠭᠦᠳᠦᠨ ᠪᠠᠶᠢᠭᠤᠯᠬᠤ᠂ 2024 ᠣᠨ ᠳᠤ ᠨᠢᠭᠡᠨᠲᠡ ᠪᠣᠳᠠᠲᠠᠶᠢᠵᠢᠭᠤᠯᠤᠭᠰᠠᠨ ᠲᠤᠰᠬᠠᠢ ᠪᠡᠯᠡ ᠮᠥᠩᠭᠦ ᠶᠢ ᠬᠡᠷᠡᠭᠯᠡᠬᠦ᠂ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠠᠭᠤᠴᠢᠨ ᠰᠤᠷᠭᠠᠭᠤᠯᠢ ᠶᠢᠨ ᠲᠣᠭᠤᠷᠢᠭ ᠢ ᠥᠭᠡᠷᠡᠴᠢᠯᠡᠬᠦ᠂ ︽ᠰᠢᠨᠵᠢᠯᠡᠬᠦ ᠤᠬᠠᠭᠠᠨ ᠮᠡᠷᠭᠡᠵᠢᠯ ᠤᠨ︿ᠪᠦᠰᠡᠯᠡᠯᠲᠡ ᠶᠢ ᠰᠢᠪᠲᠤᠯᠬᠤ ﹀ ᠢᠨᠵᠧᠨᠧᠷᠢᠩ ᠤᠨ ᠬᠡᠷᠡᠭᠵᠢᠭᠦᠯᠬᠦ ᠲᠥᠰᠥᠯ︾ ᠵᠡᠷᠭᠡ ᠬᠠᠮᠢᠶ᠎ᠠ ᠪᠦᠬᠦᠢ ᠶᠠᠪᠤᠳᠠᠯ ᠢ ᠰᠤᠳᠤᠯᠤᠨ ᠬᠢᠨᠠᠨ ᠵᠦᠪᠯᠡᠪᠡ᠃ ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠦᠵᠦᠭᠦᠷ ᠲᠤᠨᠢ ᠬᠦᠷᠭᠡᠵᠦ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠦᠷᠭᠡᠨ ᠡᠷᠬᠢᠯᠡᠬᠦ ᠶᠢ ᠴᠢᠩᠭ᠎ᠠ ᠠᠳᠬᠤᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠪᠠᠷᠢᠯᠭ᠎ᠠ ᠶᠢᠨ ᠠᠬᠢᠴᠠ᠂ ᠶᠠᠰᠤ ᠴᠢᠨᠠᠷ ᠤᠨ ᠠᠮᠤᠷ ᠲᠦᠪᠰᠢᠨ ᠪᠣᠯᠣᠨ ᠪᠡᠯᠡ ᠮᠥᠩᠭᠦ ᠶᠢᠨ ᠬᠡᠷᠡᠭᠯᠡᠯᠲᠡ ᠶᠢ ᠴᠢᠩᠭ᠎ᠠ ᠠᠩᠬᠠᠷᠴᠤ ᠴᠢᠩᠭ᠎ᠠ ᠠᠳᠬᠤᠵᠤ᠂ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠵᠦ᠂ ᠦᠯᠢᠭᠡᠷ ᠳᠠᠭᠤᠷᠢᠶᠠᠯ ᠢ ᠡᠭᠦᠳᠬᠦ ᠬᠡᠷᠡᠭᠲᠡᠢ᠃ ᠬᠠᠭᠤᠴᠢᠨ ᠰᠤᠷᠭᠠᠭᠤᠯᠢ ᠶᠢᠨ ᠲᠣᠭᠤᠷᠢᠭ ᠤᠨ ᠥᠭᠡᠷᠡᠴᠢᠯᠡᠯᠲᠡ ᠶᠢᠨ ᠲᠦᠷᠦᠯ ᠵᠦᠢᠯ ᠢ ᠲᠦᠷᠭᠡᠨ ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃     ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠪᠦᠷᠢᠯᠳᠦᠭᠦᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠰᠤᠮᠤ ᠰᠢᠶᠠᠩ ᠪᠠᠯᠭᠠᠰᠤ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号