ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠣᠯᠠᠨ ᠤᠯᠤᠰ ᠤᠨ ᠲᠣᠭᠠᠴᠢᠯᠠᠭᠰᠠᠨ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ᠲᠠᠢ ᠮᠢᠩᠭ᠎ᠠ ᠲᠦᠮᠡᠨ ᠠᠯᠠᠰᠢᠨ ᠬᠤᠨᠢᠨ ᠤ ᠠᠵᠤ ᠦᠢᠯᠡᠰ ᠤᠨ EOD ᠲᠥᠷᠥᠯ ᠵᠦᠢᠯ ᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/3
   4 ᠰᠠᠷ᠎ᠠ ᠶᠢᠨ 2 ᠤᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠣᠨ ᠣᠯᠠᠨ ᠤᠯᠤᠰ ᠤᠨ ᠲᠣᠭᠠᠴᠢᠯᠠᠭᠰᠠᠨ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ᠮᠢᠩᠭ᠎ᠠ ᠲᠦᠮᠡᠨ ᠠᠯᠠᠰᠢᠨ ᠬᠤᠨᠢᠨ ᠤ ᠠᠵᠤ ᠦᠢᠯᠡᠰ ᠤᠨ EOD ᠲᠥᠷᠥᠯ ᠵᠦᠢᠯ ᠤᠨ ᠲᠣᠭᠤᠷᠢᠨ ᠳᠤ ᠰᠣᠯᠢᠯᠴᠠᠭᠠᠨ ᠤ ᠶᠠᠷᠢᠯᠴᠠᠬᠤ ᠬᠤᠷᠠᠯ ᠬᠢᠵᠦ᠂ ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠣ ᠲᠤᠸ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠢ ᠲᠤᠸ᠂ ᠣᠯᠠᠨ ᠤᠯᠤᠰ ᠤᠨ ᠲᠣᠭᠠᠴᠢᠯᠠᠭᠰᠠᠨ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠯᠢ ᠵᠢᠶᠠ᠂ ᠳᠤᠮᠳᠠᠳᠤ ᠤᠯᠤᠰ ᠤᠨ ᠱᠠᠩ ᠾᠧᠩ ᠱᠧᠩ ᠪᠦᠯᠦᠭᠯᠡᠯ ᠤᠨ ᠶᠡᠷᠦᠩᠬᠡᠢ ᠳᠠᠭᠠᠭᠠᠮᠠᠯ ᠳ᠋ᠦᠩ ᠰᠢᠨ ᠵᠡᠷᠭᠡ ᠵᠠᠰᠠᠭ ᠠᠵᠤ ᠠᠬᠤᠶᠢᠯᠠᠯ ᠬᠤᠶᠠᠷ ᠲᠠᠯ᠎ᠠ ᠶᠢᠨ ᠤᠳᠤᠷᠢᠳᠤᠯᠭ᠎ᠠ ᠬᠤᠷᠠᠯ ᠳᠤ ᠣᠷᠣᠯᠴᠠᠵᠠᠢ᠃ ᠬᠤᠷᠠᠯ ᠠᠴᠠ ᠤᠯᠠᠨ ᠤᠯᠤᠰ ᠤᠨ ᠲᠣᠭᠠᠴᠢᠯᠠᠭᠰᠠᠨ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ᠤᠨ ᠮᠢᠩᠭ᠎ᠠ ᠲᠦᠮᠡᠨ ᠠᠯᠠᠰᠢᠨ ᠬᠤᠨᠢᠨ ᠤ ᠠᠵᠤ ᠦᠢᠯᠡᠰ ᠤᠨ EOD ᠲᠦᠷᠦᠯ ᠵᠦᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠦᠷᠦᠯ ᠵᠦᠢᠯ ᠤᠨ ᠬᠠᠮᠲᠤᠷᠠᠯᠴᠠᠭᠠᠨ ᠤ ᠨᠠᠷᠢᠨ ᠵᠦᠢᠯᠡᠰ ᠤᠨ ᠲᠤᠬᠠᠢ ᠴᠢᠨᠠᠭᠰᠢᠳᠠ ᠶᠠᠷᠢᠯᠴᠠᠨ ᠰᠤᠳᠤᠯᠵᠠᠢ᠃    ᠬᠤᠷᠠᠯ ᠳᠡᠭᠡᠷ᠎ᠡ᠂ ᠰᠦᠨ ᠱᠣ ᠲᠤᠸ ᠢᠯᠡᠷᠬᠡᠶᠢᠯᠡᠬᠦ ᠳᠡᠭᠡᠨ᠂ EOD ᠲᠥᠷᠥᠯ ᠵᠦᠢᠯ ᠪᠣᠯ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠥᠬᠦ ᠬᠤᠨᠢᠨ ᠤ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢ ᠪᠣᠶ ᠪᠣᠯᠭᠠᠬᠤ ᠪᠠᠷ ᠬᠥᠲᠥᠯᠥᠮᠵᠢ ᠪᠣᠯᠭᠠᠵᠤ᠂ ᠬᠤᠨᠢᠨ ᠤ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠵᠣᠬᠢᠴᠠᠩᠭᠤᠢ ᠬᠥᠭᠵᠢᠯᠲᠡ ᠶᠢ ᠳᠠᠶᠢᠴᠢᠯᠠᠬᠤ᠂ ᠠᠮᠢ ᠠᠬᠤᠢ ᠶᠢᠨ ᠪᠦᠲᠦᠭᠡᠭᠳᠡᠬᠦᠨ ᠤ ᠥᠷᠲᠡᠭ ᠢ ᠲᠡᠭᠦᠯᠳᠡᠷᠵᠢᠭᠦᠯᠬᠦ ᠪᠠᠷ ᠬᠠᠷᠠᠯᠲᠠ ᠪᠣᠯᠭᠠᠭᠰᠠᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠥᠷᠥᠯ ᠵᠦᠢᠯ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠡᠳᠬᠢᠴᠡ ᠪᠠᠨ ᠤᠯᠠᠮ ᠨᠢᠭᠡ ᠠᠯᠬᠤᠮ ᠡᠮᠬᠢᠯᠡᠵᠦ᠂ ᠬᠡᠷᠡᠭᠵᠢᠭᠦᠯᠬᠦ ᠲᠥᠰᠥᠯ ᠢᠶᠠᠨ ᠲᠡᠭᠦᠯᠳᠡᠷᠵᠢᠭᠦᠯᠵᠦ᠂ ᠲᠡᠵᠢᠭᠡᠨ ᠦᠷᠡᠵᠢᠭᠦᠯᠬᠦ ᠲᠠᠯ᠎ᠠ ᠶᠢ ᠰᠠᠶᠢᠵᠢᠷᠠᠭᠤᠯᠬᠤ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠣᠲᠣ ᠶᠢᠨ ᠪᠠᠶᠢᠭ᠎ᠠ ᠳᠠᠪᠠᠭᠤᠯᠢᠭ ᠢᠶᠠᠨ ᠠᠰᠢᠭᠯᠠᠨ ᠪᠦᠬᠦᠯᠢ ᠴᠣᠭᠴᠠ ᠶᠢᠨ ᠲᠥᠷᠥᠯ ᠵᠦᠢᠯ ᠢ ᠠᠮᠢᠳᠤᠯᠢᠭ ᠪᠣᠯᠭᠠᠬᠤ ᠬᠡᠷᠡᠭᠲᠡᠢ︔ ᠲᠦᠷᠦᠯ ᠵᠦᠢᠯ ᠤᠨ ᠱᠠᠩᠨᠠᠵᠤ ᠨᠥᠬᠦᠪᠦᠷᠢᠯᠡᠬᠦ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠮᠢᠩᠭ᠎ᠠ ᠲᠦᠮᠡᠨ ᠠᠯᠠᠰᠢᠨ ᠬᠤᠨᠢᠨ ᠤ ᠠᠵᠤ ᠦᠢᠯᠡᠰ ᠤᠨ EOD ᠲᠦᠷᠦᠯ ᠵᠦᠢᠯ ᠤᠨ ᠬᠥᠭᠵᠢᠯᠲᠡ ᠳᠤ ᠬᠦᠴᠦ ᠨᠡᠮᠡᠷᠢᠯᠡᠵᠦ᠂ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ︽ᠡᠮᠦᠨᠡᠬᠢ︾ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ︔ ᠴᠠᠭ ᠲᠤᠬᠠᠢ ᠳᠤᠨᠢ ᠠᠶᠤᠯ ᠲᠦᠭᠰᠢᠭᠦᠷᠢ ᠠᠴᠠ ᠵᠠᠶᠢᠯᠠᠵᠤ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠤᠷᠢᠭ᠎ᠠ ᠱᠤᠭᠤᠮ ᠢ ᠰᠠᠶᠢᠲᠤᠷ ᠰᠠᠬᠢᠬᠤ ᠬᠡᠷᠡᠭᠲᠡᠢ ᠭᠡᠵᠡᠢ᠃    ᠶᠠᠷᠢᠯᠴᠠᠬᠤ ᠬᠤᠷᠠᠯ ᠤᠨ ᠲᠠᠷᠠᠭ᠎ᠠ᠂ ᠵᠠᠰᠠᠭ ᠵᠠᠬᠢᠷᠭ᠎ᠠ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠥᠪᠥᠷ ᠮᠣᠩᠭᠤᠯ ᠤᠨ ᠪᠡᠭᠡᠵᠢᠩ ᠥᠪᠥᠷ ᠮᠣᠩᠭᠤᠯ ᠤᠨ ᠠᠯᠠᠰᠢᠨ ᠬᠤᠨᠢᠨ ᠤ ᠪᠦᠬᠦ ᠠᠵᠤ ᠦᠢᠯᠡᠰ ᠤᠨ ᠬᠡᠯᠬᠢᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠦᠩ ᠵᠢᠶᠥᠥ ᠭᠤᠸᠠᠩᠵᠧᠦ ᠶᠢᠨ ᠠᠭᠠᠷ ᠤᠨ ᠠᠶᠠᠯᠠᠯ ᠤᠨ ᠲᠣᠪᠴᠢᠶ᠎ᠠ ᠶᠢᠨ ᠭᠤᠷᠪᠠᠳᠤᠭᠠᠷ ᠢᠨᠵᠧᠨᠧᠷᠢᠩ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠠᠵᠢᠯᠯᠠᠬᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ ᠃    
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号