ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ︽ᠳᠤᠭᠤᠯᠠᠭ᠎ᠠ ᠵᠡᠭᠦᠬᠦ︾ ᠢ ᠤᠬᠠᠭᠤᠯᠵᠤ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/5
   ᠰᠤᠷᠭᠠᠭᠤᠯᠢ ᠶᠢᠨ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠡᠮᠬᠢ ᠳᠢᠭᠯᠢᠮ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠡᠮ ᠰᠣᠭᠤᠭ ᠢ ᠠᠷᠢᠯᠭᠠᠵᠤ᠂ ᠰᠤᠷᠤᠭᠴᠢᠳ ᠲᠤ ᠨᠠᠩ ᠠᠮᠤᠷ ᠲᠦᠪᠰᠢᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠡᠭᠦᠳᠴᠦ ᠥᠭᠬᠦ ᠶᠢᠨ ᠲᠥᠯᠥᠭᠡ᠂ 4 ᠰᠠᠷ᠎ᠠ ᠶᠢᠨ 2 ᠤᠨ ᠡᠳᠦᠷ ᠠᠴᠠ 3 ᠤ ᠡᠳᠦᠷ ᠪᠣᠯᠲᠠᠯ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ︽ᠳᠤᠭᠤᠯᠠᠭ᠎ᠠ ᠵᠡᠭᠦᠬᠦ︾ ᠢ ᠤᠬᠠᠭᠤᠯᠤᠨ ᠴᠡᠭᠴᠡᠯᠡᠬᠦ ᠠᠵᠢᠯᠯᠠᠭ᠎ᠠ ᠥᠷᠨᠢᠭᠦᠯᠪᠡ᠃    ᠠᠷᠠᠳ ᠤᠨ ᠴᠠᠭᠳᠠᠭ᠎ᠠ ᠨᠠᠷ ᠤᠷᠢᠳ ᠬᠤᠵᠢᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ᠂ ᠲᠠᠪᠤᠳᠤᠭᠠᠷ ᠳᠤᠮᠳᠠᠳᠤ ᠰᠤᠷᠭᠠᠭᠤᠯᠢ᠂ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠬᠦᠷᠴᠦ᠂ ᠵᠠᠮ ᠬᠠᠷᠢᠯᠴᠠᠭᠠᠨ ᠤ ᠠᠳᠡᠯ ᠤᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠥᠷᠭᠡᠨ ᠣᠯᠠᠨ ᠪᠠᠭᠰᠢ ᠰᠤᠷᠤᠭᠴᠢᠳ ᠲᠤ ᠤᠯᠠᠭᠠᠨ ᠳ᠋ᠧᠩ ᠢ ᠵᠥᠷᠢᠴᠡᠭᠰᠡᠨ᠂ ᠰᠥᠷᠴᠦ ᠶᠠᠪᠤᠭᠰᠠᠨ᠂ ᠬᠥᠮᠥᠨ ᠤ ᠲᠤᠭ᠎ᠠ ᠪᠠ ᠠᠴᠢᠶ᠎ᠠ  ᠠᠴᠠ ᠬᠡᠲᠦᠷᠡᠭᠰᠡᠨ ᠵᠡᠷᠭᠡ ᠵᠠᠮ ᠬᠠᠷᠢᠯᠴᠠᠭᠠᠨ ᠤ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢᠨ ᠬᠤᠣᠷ ᠬᠥᠨᠥᠭᠡᠯ ᠤᠨ ᠴᠢᠨᠠᠷ ᠵᠢᠴᠢ ᠬᠦᠨᠳᠦ ᠨᠣᠴᠢᠲᠠᠢ ᠦᠷ᠎ᠡ ᠳ᠋ᠦᠩ   ᠢ ᠲᠠᠶᠢᠯᠪᠤᠷᠢᠯᠠᠨ ᠥᠭᠴᠡᠢ᠃ ᠡᠭᠦᠨ ᠤ ᠵᠡᠷᠭᠡ ᠳᠤ᠂ ᠰᠤᠷᠭᠠᠭᠤᠯᠢ  ᠠᠴᠠ ᠰᠣᠷᠣᠭᠴᠢ᠂ ᠭᠡᠷ ᠤᠨ ᠠᠬᠠᠮᠠᠳ ᠵᠢᠴᠢ ᠠᠩᠭᠢ ᠶᠢᠨ ᠡᠷᠬᠢᠯᠡᠭᠴᠢ ᠲᠠᠢ ︽ᠰᠤᠷᠭᠠᠭᠤᠯᠢ ᠶᠢᠨ ᠰᠣᠷᠣᠭᠴᠢ ᠶᠢᠨ ᠳᠤᠭᠤᠢ ᠲᠡᠷᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠥᠰᠥᠭ ᠵᠢᠷᠤᠵᠤ᠂ ᠵᠠᠮ ᠬᠠᠷᠢᠯᠴᠠᠭᠠᠨ ᠤ ᠠᠳᠡᠯ ᠭᠠᠷᠬᠤ ᠶᠢ ᠡᠬᠢ ᠡᠭᠦᠰᠦᠯ ᠠᠴᠠ ᠨᠢ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠵᠠᠢ᠃ ᠠᠷᠠᠳ ᠤᠨ ᠴᠠᠭᠳᠠᠭ᠎ᠠ ᠨᠠᠷ ᠪᠠᠰᠠ ᠵᠡᠭᠡᠯᠢ ᠳᠤ ᠭᠠᠷᠴᠤ᠂ ᠰᠤᠷᠤᠭᠴᠢᠳ ᠤᠨ ᠴᠠᠬᠢᠯᠭᠠᠨ ᠬᠥᠳᠡᠯᠭᠡᠭᠦᠷᠲᠦ ᠲᠡᠷᠭᠡ ᠵᠢᠯᠤᠭᠤᠳᠬᠤ ᠳᠤ ᠠᠮᠤᠷ ᠲᠦᠪᠰᠢᠨ ᠤ ᠳᠤᠭᠤᠯᠠᠭ᠎ᠠ ᠵᠡᠭᠦᠬᠦ ᠦᠭᠡᠢ ᠵᠡᠷᠭᠡ ᠦᠶᠯᠡ ᠠᠵᠢᠯᠯᠠᠭ᠎ᠠ ᠶᠢ ᠬᠤᠷᠢᠭᠯᠠᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠬᠢᠵᠦ ᠂ ᠰᠤᠷᠤᠭᠴᠢᠳ ᠤᠨ ᠶᠠᠪᠤᠵᠤ ᠰᠠᠭᠤᠬᠤ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠠᠮᠤᠷ ᠲᠦᠪᠰᠢᠨ᠂ ᠰᠠᠭᠠᠳ ᠦᠭᠡᠢ᠂ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠣᠯᠭᠠᠪᠠ᠃   
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号