ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠬᠥᠳᠡᠭᠡ ᠲᠣᠰᠬᠤᠨ ᠤ  ᠵᠢᠭᠤᠯᠴᠢᠯᠠᠯ︾ ᠤᠨ ᠬᠠᠯᠠᠮᠰᠢᠯ ᠦᠷᠭᠦᠯᠵᠢᠯᠡᠨ ᠳᠡᠭᠡᠭᠰᠢᠯᠡᠪᠡ
ᠨᠡᠶᠢᠲᠡᠯᠡᠭᠰᠡᠨ ᠴᠠᠭ᠄
2024/4/7
   ᠣᠶᠢᠷ᠎ᠠ ᠶᠢᠨ ᠵᠢᠯ ᠠᠴᠠ᠂ ᠣᠶᠢᠷ᠎ᠠ ᠳᠡᠬᠦᠷᠬᠡ ᠶᠢᠨ ︽ᠬᠥᠳᠡᠭᠡ ᠲᠣᠰᠬᠤᠨ ᠤ ᠵᠢᠭᠤᠯᠴᠢᠯᠠᠯ︾ᠤᠯᠠᠮ ᠠᠴᠠ ᠤᠯᠠᠮ ᠬᠥᠭᠵᠢᠶᠡᠨᠲᠡᠢ ᠪᠣᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ︽ᠤᠷᠤᠰᠬᠠᠯ︾ ᠢ ᠰᠠᠯᠤᠯ ᠦᠭᠡᠢ ᠳᠠᠭᠠᠵᠤ᠂ ᠰᠢᠯᠢᠳᠡᠭ ᠰᠠᠶᠢᠨ ᠬᠥᠳᠡᠭᠡ ᠲᠣᠰᠬᠤᠨ ᠤ ᠠᠮᠢ ᠠᠬᠤᠢ ᠶᠢᠨ ᠣᠷᠴᠢᠨ ᠲᠣᠭᠤᠷᠢᠨ ᠳᠤ ᠲᠦᠰᠢᠭᠯᠡᠨ᠂ ᠰᠡᠯᠡᠭᠦᠴᠡᠨ ᠲᠡᠭᠦᠬᠦ᠂ ᠰᠤᠳᠤᠯᠤᠨ ᠰᠤᠷᠤᠯᠴᠠᠬᠤ ᠶᠢ ᠥᠷᠭᠡᠳᠬᠡᠬᠦ ᠵᠡᠷᠭᠡ ᠬᠥᠳᠡᠭᠡ ᠠᠵᠤ ᠠᠬᠤᠢ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠵᠠᠭᠪᠤᠷ ᠢ ᠶᠡᠬᠡᠪᠡᠷ ᠡᠭᠦᠳᠴᠦ᠂ ᠥᠷᠭᠡᠨ ᠤᠯᠠᠨ ᠵᠤᠭᠠᠴᠠᠭᠰᠠᠳ ᠲᠤ ᠲᠠᠷᠢᠶᠠᠯᠠᠬᠤ ᠰᠣᠶᠣᠯ ᠢ ᠣᠶᠢᠷ᠎ᠠ ᠵᠠᠢ ᠠᠴᠠ ᠣᠶᠢᠯᠠᠭᠠᠭᠤᠯᠵᠤ᠂ ᠬᠥᠳᠡᠭᠡ ᠲᠣᠰᠬᠤᠨ ᠤ ᠠᠮᠢᠳᠤᠷᠠᠯ ᠢ ᠣᠶᠢᠯᠠᠭᠠᠭᠤᠯᠵᠠᠢ᠃    ᠠᠭᠤᠷ ᠠᠮᠢᠰᠬᠤᠯ ᠠᠭᠠᠵᠢᠮ ᠢᠶᠠᠷ ᠳᠤᠯᠠᠭᠠᠷᠠᠬᠤ ᠶᠢ ᠳᠠᠭᠠᠯᠳᠤᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠢᠷᠣᠬᠡᠨ ᠪᠠᠯᠭᠠᠰᠤᠨ ᠤ ᠸᠠᠨ ᠪᠦᠦ ᠲᠣᠰᠬᠤᠨ ᠤ ᠭᠡᠷᠡᠯ ᠰᠠᠴᠤᠷᠠᠩᠭᠤᠢ ᠰᠦ ᠭᠦᠵᠡᠯᠵᠡᠭᠡᠨ᠎ᠡ ᠲᠡᠭᠦᠬᠦ ᠬᠦᠷᠢᠶᠡᠯᠡᠩ ᠨᠢ ᠵᠢᠮᠢᠰ ᠲᠡᠭᠦᠬᠦ ᠬᠥᠭᠵᠢᠶᠡᠨᠲᠡᠢ ᠤᠯᠠᠷᠢᠯ ᠳᠤ ᠣᠷᠣᠯ᠎ᠠ᠃ ᠬᠦᠯᠡᠮᠵᠢ ᠳᠤ ᠣᠷᠣᠬᠤ ᠳᠤ᠂ ᠬᠠᠷᠠᠭ᠎ᠠ ᠳᠤᠰᠤᠭᠰᠠᠨ ᠭᠠᠵᠠᠷ ᠤᠳ ᠢᠶᠠᠷ᠂ ᠭᠠᠯ ᠤᠯᠠᠭᠠᠨ ᠭᠦᠵᠡᠯᠵᠡᠭᠡᠨ᠎ᠡ ᠨᠦᠭᠦᠳ ᠨᠣᠭᠤᠭᠠᠨ ᠨᠠᠪᠴᠢ ᠶᠢᠨ ᠳᠤᠮᠳᠠ ᠳᠤᠰᠤᠯᠠᠵᠤ᠂ ᠠᠩᠬᠢᠯᠤᠮ᠎ᠠ ᠰᠠᠶᠢᠬᠠᠨ ᠦᠨᠦᠷ ᠬᠠᠩᠬᠤᠯᠵᠤ᠂ ᠡᠷᠬᠢᠨ ᠲᠣᠭᠤᠷᠢᠨ ᠤ ᠴᠥᠭᠡᠨ ᠪᠤᠰᠤ ᠵᠤᠭᠠᠴᠠᠭᠰᠠᠳ ᠤᠨ ᠰᠣᠨᠢᠷᠬᠠᠯ ᠢ ᠲᠠᠲᠠᠵᠤ᠂ ᠬᠥᠳᠡᠭᠡ ᠲᠣᠰᠬᠤᠨ ᠤ ᠠᠮᠢ ᠠᠬᠤᠢ ᠶᠢᠨ ᠲᠡᠭᠦᠵᠦ ᠲᠡᠭᠦᠬᠦ ᠪᠠᠶᠠᠷ ᠪᠠᠭ᠋ᠠᠳᠤᠯ ᠢ ᠡᠳ᠋ᠯᠡᠭᠦᠯᠦᠨ᠎ᠡ᠃   ᠵᠤᠭᠠᠴᠠᠭᠴᠢ ᠬᠠᠨ ᠰᠢᠶᠣᠣ ᠶᠠᠨ᠄ ︽ᠲᠡᠳᠡᠨ ᠤ ᠭᠦᠵᠡᠯᠵᠡᠭᠡᠨ᠎ᠡ ᠨᠢ ᠰᠦ ᠶᠢᠨ ᠠᠩᠬᠢᠯᠤᠮ᠎ᠠ ᠦᠨᠦᠷ ᠲᠠᠢ᠂ ᠮᠠᠰᠢ ᠠᠮᠲᠠᠲᠠᠢ︾ ᠭᠡᠵᠦ ᠬᠡᠯᠡᠪᠡ᠃ ᠭᠦᠵᠡᠯᠵᠡᠭᠡᠨ᠎ᠡ  ᠶᠢᠨ ᠶᠠᠰᠤ ᠴᠢᠨᠠᠷ ᠰᠠᠶᠢᠨ ᠪᠣᠯᠬᠤᠷ ᠡᠳᠦᠷ ᠪᠣᠯᠭᠠᠨ ᠢᠷᠡᠵᠦ ᠲᠡᠭᠦᠳᠡᠭ ᠵᠤᠭᠠᠴᠠᠭᠰᠠᠳ ᠲᠠᠰᠤᠷᠠᠭ᠎ᠠ ᠦᠭᠡᠢ ᠣᠯᠠᠰᠢᠷᠠᠳᠠᠭ᠃ ᠵᠢᠮᠢᠰ ᠲᠡᠭᠦᠬᠦ ᠬᠦᠷᠢᠶᠡᠯᠡᠩ ᠳᠤ ᠣᠲᠣ 4 ᠰᠠᠭᠤᠷᠢ ᠭᠦᠵᠡᠯᠵᠡᠭᠡᠨ᠎ᠡ ᠶᠢᠨ ᠬᠦᠯᠡᠮᠵᠢ ᠪᠣᠶ᠂ ᠴᠥᠮ ᠪᠠᠯ ᠢᠶᠠᠷ ᠲᠣᠭᠤᠰᠣ ᠬᠦᠷᠲᠡᠭᠡᠬᠦ᠂ ᠲᠠᠷᠢᠶᠠᠴᠢᠨ ᠠᠶᠢᠯ ᠤᠨ ᠪᠣᠷᠳᠣᠭᠤᠷ ᠢ ᠢᠯᠵᠢᠷᠡᠭᠦᠯᠦᠨ ᠢᠰᠬᠡᠬᠦ᠂ ᠭᠦᠨ ᠤᠰᠤᠨ ᠤ ᠬᠤᠳᠳᠤᠭ ᠢᠶᠠᠷ ᠤᠰᠤᠯᠠᠬᠤ ᠪᠣᠬᠢᠷᠲᠤᠯ ᠦᠭᠡᠢ ᠣᠷᠭᠠᠨᠢᠭ ᠳᠠᠷᠢᠬᠤ ᠠᠷᠭ᠎ᠠ ᠮᠠᠶ᠋ᠢᠭ ᠢ ᠬᠡᠷᠡᠭᠯᠡᠵᠦ᠂ ᠪᠣᠬᠢᠷᠲᠤᠯ ᠦᠭᠡᠢ᠂ ᠠᠮᠢ ᠠᠬᠤᠢ ᠶᠢᠨ᠂ ᠪᠣᠬᠢᠷᠲᠤᠯ ᠦᠭᠡᠢ᠂ ᠨᠡᠶᠢᠲᠡ ᠳᠤ ᠬᠤᠣᠷᠳᠠᠭᠳᠠᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠪᠣᠶ᠃    ᠬᠡᠷᠡᠯ ᠰᠠᠴᠤᠷᠠᠩᠭᠤᠢ ᠰᠦ ᠭᠦᠵᠡᠯᠵᠡᠭᠡᠨ᠎ᠡ ᠲᠡᠭᠦᠬᠦ ᠬᠦᠷᠢᠶᠡᠯᠡᠩ ᠤᠨ ᠬᠠᠷᠢᠭᠤᠴᠠᠯᠭᠠᠲᠠᠨ ᠯᠢ ᠯᠢ ᠪᠥᠸᠧ ᠰᠤᠷᠪᠤᠯᠵᠢᠯᠠᠭᠴᠢ ᠳᠤ ᠬᠡᠯᠡᠬᠦ ᠳᠡᠭᠡᠨ᠂ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ᠂ ᠡᠳᠦᠷ ᠪᠦᠷᠢ 200 ᠭᠠᠷᠤᠢ ᠵᠤᠭᠠᠴᠠᠭᠰᠠᠳ ᠢ ᠤᠭᠲᠤᠵᠤ᠂ ᠡᠳᠦᠷ ᠪᠦᠷᠢ ᠳᠤᠮᠳᠠᠴᠢ ᠪᠠᠷ 270 ᠭᠠᠷᠤᠢ ᠵᠢᠩ ᠭᠦᠵᠡᠯᠵᠡᠭᠡᠨ᠎ᠡ ᠬᠤᠳᠠᠯᠳᠤᠳᠠᠭ᠃    ᠣᠳᠣᠬᠠᠨ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠲᠡᠭᠦᠬᠦ ᠵᠢᠭᠤᠯᠴᠢᠯᠠᠯ ᠬᠥᠭᠵᠢᠶᠡᠨᠲᠡᠢ ᠶᠠᠪᠤᠭᠳᠠᠵᠤ ᠪᠠᠶᠢᠬᠤ ᠪᠠᠷ ᠪᠠᠷᠠᠬᠤ ᠦᠭᠡᠢ᠂ ᠬᠥᠳᠡᠭᠡ ᠲᠣᠰᠬᠤᠨ ᠤ ᠰᠤᠳᠤᠯᠤᠨ ᠰᠤᠷᠤᠯᠴᠠᠬᠤ ᠵᠢᠭᠤᠯᠴᠢᠯᠠᠯ ᠴᠤ ᠠᠳᠠᠯᠢᠬᠠᠨ ᠢᠶᠠᠷ︽ᠬᠦᠷᠢᠶᠡᠯᠡᠯ︾ ᠤᠯᠵᠤ ᠪᠠᠶᠢᠨ᠎ᠠ᠃ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ 16 ᠪᠠᠭᠰᠢ ᠰᠣᠷᠣᠭᠴᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠴᠢᠨ ᠪᠠᠯᠭᠠᠰᠤᠨ ᠤ ᠫᠢᠩ ᠠᠨ ᠲᠣᠰᠬᠤᠨ ᠤ ᠲᠥᠪᠡᠳ ᠬᠠᠰᠢ ᠶᠢᠨ ᠨᠢᠭᠡᠳᠦᠯ ᠳᠤ ᠬᠦᠷᠴᠦ ᠲᠠᠷᠢᠶᠠᠯᠠᠩ ᠤᠨ ᠰᠤᠳᠤᠯᠭᠠᠨ ᠤ ᠠᠵᠢᠯᠯᠠᠭ᠎ᠠ ᠥᠷᠨᠢᠭᠦᠯᠪᠡ᠃ ᠬᠠᠮᠲᠤ ᠰᠤᠷᠤᠭᠴᠢᠳ ᠬᠥᠳᠡᠭᠡ ᠲᠣᠰᠬᠤᠨ ᠳᠤ ᠬᠦᠷᠴᠦ᠂ ᠲᠠᠷᠢᠶᠠᠯᠠᠩ ᠤᠨ ᠪᠠᠶᠢᠳᠠᠯ ᠢ ᠰᠤᠷᠪᠤᠯᠵᠢᠯᠠᠵᠤ᠂ ᠬᠢᠴᠢᠶᠡᠯ ᠤᠨ ᠭᠡᠷ ᠠᠴᠠ ᠲᠠᠷᠢᠶᠠᠨ ᠭᠠᠵᠠᠷ ᠬᠦᠷᠲᠡᠯ᠎ᠡ᠂ ᠲᠠᠷᠢᠶᠠᠯᠠᠬᠤ᠂ ᠤᠩᠰᠢᠬᠤ᠂ ᠰᠤᠳᠤᠯᠬᠤ᠂ ᠰᠤᠷᠤᠯᠴᠠᠬᠤ ᠳᠤᠮᠳᠠ ᠪᠠᠨ ᠡᠬᠡ ᠭᠠᠵᠠᠷ ᠤᠨ ᠰᠤᠳᠠᠯ ᠤᠨ ᠯᠤᠭᠰᠢᠯᠲᠠ ᠶᠢ ᠰᠣᠨᠣᠰᠴᠤ᠂ ᠰᠢᠪᠠᠷ ᠰᠢᠷᠣᠢ ᠶᠢᠨ ᠠᠩᠬᠢᠯᠤᠮ᠎ᠠ ᠦᠨᠦᠷ ᠢ ᠮᠡᠳᠡᠷᠡᠪᠡ᠃     ︽ᠡᠨᠡ ᠤᠳᠠᠭᠠᠨ ᠤ ᠰᠤᠳᠤᠯᠤᠨ ᠰᠤᠷᠤᠯᠴᠠᠬᠤ ᠦᠢᠯᠡᠳᠦᠯᠭᠡ ᠨᠢ ᠮᠢᠨᠤ ︿ᠶᠠᠪᠤᠵᠤ ᠰᠠᠭᠤᠬᠤ ᠬᠢᠴᠢᠶᠡᠯ ᠤᠨ ᠲᠠᠩᠬᠢᠮ﹀ ᠤᠨ ᠳᠤᠮᠳᠠ ᠮᠡᠳᠡᠯᠭᠡ  ᠶᠢ ᠨᠡᠮᠡᠭᠳᠡᠭᠦᠯᠵᠦ᠂ ᠰᠢᠨ᠎ᠡ ᠮᠡᠳᠡᠯᠭᠡ  ᠶᠢ ᠡᠵᠡᠮᠰᠢᠭᠦᠯᠵᠦ᠂ ᠬᠢᠴᠢᠶᠡᠯ ᠤᠨ ᠪᠢᠴᠢᠭ ᠲᠠᠬᠢ ᠮᠡᠳᠡᠯᠭᠡ  ᠶᠢ ᠦᠢᠯᠡᠳᠦᠯᠭᠡᠵᠢᠭᠦᠯᠵᠡᠢ᠂ ᠡᠶᠢᠮᠦ ᠣᠨᠴᠠᠭᠠᠶ ᠬᠡᠯᠪᠡᠷᠢ ᠪᠠᠷ ᠬᠠᠩᠰᠢ  ᠶᠢᠨ ᠠᠮᠠᠷᠠᠯᠲᠠ   ᠶᠢ ᠥᠩᠭᠡᠷᠡᠭᠦᠯᠬᠦ ᠨᠢ ᠮᠠᠰᠢ ᠤᠳᠬ᠎ᠠ ᠠᠭᠤᠯᠭ᠎ᠠ  ᠲᠠᠢ ᠭᠡᠵᠦ ᠪᠢ ᠦᠵᠡᠵᠦ ᠪᠠᠶᠢᠨ᠎ᠠ ᠃︾ ᠭᠡᠵᠦ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠥᠬᠦᠭᠡᠷᠦᠮᠵᠢᠲᠦ ᠲᠠᠷᠢᠶᠠᠯᠠᠩ ᠤᠨ ᠰᠢᠨᠵᠢᠯᠡᠬᠦ ᠤᠬᠠᠭᠠᠨ ᠪᠣᠯᠣᠨ ᠢᠨᠵᠧᠨᠧᠷᠢᠩ ᠤᠨ ᠲᠤᠰᠬᠠᠢ ᠮᠡᠷᠭᠡᠵᠢᠯ ᠤᠨ ᠰᠤᠷᠤᠭᠴᠢ ᠯᠢ ᠬᠤᠤ ᠬᠡᠯᠡᠪᠡ᠃    ᠰᠤᠳᠤᠯᠤᠨ ᠰᠤᠷᠤᠯᠴᠠᠬᠤ ᠵᠢᠭᠤᠯᠴᠢᠯᠠᠯ ᠨᠢ ︽ᠬᠥᠳᠡᠭᠡ ᠲᠣᠰᠬᠤᠨ ᠤ ᠬᠠᠯᠠᠮᠰᠢᠯ︾ ᠢ ᠳᠠᠶᠢᠴᠢᠯᠠᠪᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠴᠢᠨ ᠪᠠᠯᠭᠠᠰᠤᠨ ᠤ ᠫᠢᠩ ᠠᠨ ᠲᠣᠰᠬᠤᠨ ᠤ ᠲᠥᠪᠡᠳ ᠬᠠᠰᠢ ᠶᠢᠨ ᠨᠢᠭᠡᠳᠦᠯ ᠤᠨ ᠬᠢᠨ ᠤᠯᠠᠮᠵᠢᠯᠠᠯᠲᠤ ᠲᠠᠷᠢᠶᠠᠯᠠᠬᠤ ᠰᠣᠶᠣᠯ ᠪᠠ ᠣᠶᠤᠨ ᠰᠠᠨᠠᠭᠠᠨ ᠤ ᠠᠭᠤᠯᠬᠤᠨ ᠢ ᠠᠭᠤᠳᠠᠯᠬᠤ ᠪᠠᠷ ᠳᠡᠮᠵᠢᠨ᠂ ᠥᠷᠭᠡᠨ ᠤᠯᠠᠨ ᠵᠤᠭᠠᠴᠠᠭᠴᠢ ᠪᠣᠯᠣᠨ ᠰᠤᠷᠤᠭᠴᠢᠳ ᠤᠨ ᠪᠦᠯᠬᠦᠮ ᠤᠨ ᠲᠠᠷᠢᠶᠠᠯᠠᠭ᠎ᠠ ᠶᠢ ᠤᠯᠠᠮᠵᠢᠯᠠᠬᠤ᠂ ᠲᠠᠷᠢᠶᠠᠯᠠᠩ ᠤᠨ ᠶᠠᠪᠤᠳᠠᠯ ᠢ ᠪᠡᠶᠡᠴᠢᠯᠡᠨ ᠣᠶᠢᠯᠠᠭᠠᠬᠤ ᠳᠤ ᠰᠠᠶᠢᠨ ᠲᠠᠪᠴᠠᠩ ᠪᠠᠶᠢᠭᠤᠯᠵᠤ᠂ ᠤᠯᠠᠨ ᠢᠶᠠᠷ ᠢᠶᠠᠨ ᠰᠤᠳᠤᠯᠤᠨ ᠰᠤᠷᠤᠯᠴᠠᠬᠤ ᠶᠠᠪᠤᠴᠠ ᠳᠤ ︽ᠵᠤᠭᠠᠴᠠᠬᠤ︾ ᠪᠠ ︽ᠰᠤᠷᠤᠯᠴᠠᠬᠤ︾ ᠶᠢ ᠭᠦᠨᠵᠡᠭᠡᠢ ᠤᠶᠠᠯᠳᠤᠭᠤᠯᠬᠤ ᠶᠢ ᠦᠨᠡᠨᠬᠦ ᠪᠡᠶᠡᠯᠡᠭᠦᠯᠵᠦ᠂ ︽ᠬᠥᠳᠡᠭᠡ ᠲᠣᠰᠬᠤᠨ ᠤ ᠵᠢᠭᠤᠯᠴᠢᠯᠠᠯ︾  ᠤᠨ ᠰᠣᠶᠣᠯ ᠤᠨ ᠠᠭᠤᠯᠤᠭᠳᠠᠬᠤᠨ ᠢ ᠤᠯᠠᠮ ᠴᠢᠨᠠᠭᠰᠢᠳᠠ ᠪᠠᠶᠠᠯᠢᠭᠵᠢᠭᠤᠯᠵᠤ᠂ ︽ᠬᠥᠳᠡᠭᠡ ᠲᠣᠰᠬᠤᠨ ᠤ ᠵᠢᠭᠤᠯᠴᠢᠯᠠᠯ︾  ᠤᠨ ᠬᠠᠯᠠᠮᠰᠢᠯ ᠢ ᠦᠷᠭᠦᠯᠵᠢᠯᠡᠨ ᠲᠡᠭᠡᠭᠰᠢᠯᠡᠭᠦᠯᠦᠨ᠎ᠡ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号