ᠯᠢᠦ ᠬᠠᠢ ᠲᠤᠸ ᠭᠤᠣᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/7
   4 ᠰᠠᠷ᠎ᠠ ᠶᠢᠨ 3 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠢ ᠲᠤᠸ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠷᠳᠣ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢᠨ ᠲᠥᠷᠥᠯ ᠵᠦᠢᠯ ᠢ ᠨᠥᠭᠡᠴᠡᠯᠡᠨ ᠲᠣᠬᠢᠷᠠᠭᠤᠯᠬᠤ ᠬᠤᠷᠠᠯ ᠪᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠳᠡᠭᠡᠷ᠎ᠡ᠂ ᠬᠤᠯᠪᠣᠭᠳᠠᠯ ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠷᠳᠣ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢᠨ ᠲᠥᠷᠥᠯ ᠵᠦᠢᠯ ᠤᠨ ᠨᠥᠭᠡᠴᠡ᠂ ︽ᠲᠠᠪᠤᠨ ᠶᠡᠭᠡ ᠡᠭᠦᠷᠭᠡ︾ ᠶᠢ ᠲᠦᠯᠬᠢᠨ ᠠᠬᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠬᠦ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠠᠳᠬᠤᠬᠤ ᠲᠤᠬᠠᠢ ᠪᠣᠯᠣᠮᠵᠢᠲᠤ ᠰᠠᠨᠠᠯ ᠳᠤᠷᠠᠳᠪᠠ᠃    ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠤᠨ ᠨᠠᠷᠢᠨ ᠲᠠᠩᠰᠠ ᠶᠢ ᠤᠯᠠᠮ ᠴᠢᠨᠠᠭᠰᠢᠳᠠ ᠨᠠᠷᠢᠯᠢᠭᠵᠢᠭᠤᠯᠵᠤ᠂ ᠪᠡᠯᠡ ᠣᠷᠣᠭᠤᠯᠤᠯᠲᠠ ᠶᠢᠨ ᠴᠢᠭᠯᠡᠯ ᠢ ᠪᠦᠬᠦ ᠲᠠᠯ᠎ᠠ ᠪᠠᠷ ᠡᠮᠬᠢᠯᠡᠵᠦ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠰᠢᠨᠵᠢᠯᠡᠬᠦ ᠤᠬᠠᠭᠠᠨ ᠤ ᠰᠤᠳᠤᠯᠭᠠᠨ᠂ ᠠᠩᠬᠠᠨ ᠤ ᠪᠠᠶᠢᠷᠢᠯᠠᠭᠤᠯᠤᠯᠲᠠ᠂ ᠴᠣᠬᠤᠯᠠᠪᠤᠷᠢ ᠬᠠᠷᠢᠭᠤᠯᠲᠠ ᠵᠡᠷᠭᠡ ᠠᠵᠢᠯ ᠢ ᠲᠦᠷᠭᠡᠨ ᠲᠠᠨᠢᠯᠴᠠᠭᠤᠯᠵᠤ᠂ ᠣᠷᠣᠨ ᠠᠶᠢᠮᠠᠭ ᠬᠤᠶᠠᠷ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠵᠦ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠲᠦᠷᠦᠯ ᠵᠦᠢᠯ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠭᠦᠨᠴᠡ ᠶᠢ ᠨᠡᠩ ᠰᠠᠶᠢᠲᠤᠷ ᠰᠢᠯᠢᠳᠡᠭᠵᠢᠭᠦᠯᠬᠦ ᠬᠡᠷᠡᠭᠲᠡᠢ᠃ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠭᠤᠣᠯᠳᠠᠯᠭ᠎ᠠ ᠪᠠᠨ ᠡᠵᠡᠮᠳᠡᠵᠦ᠂ ᠪᠡᠶᠡᠴᠢ ᠴᠢᠳᠠᠮᠠᠭᠠᠢ ᠴᠢᠨᠠᠷ ᠢᠶᠠᠨ ᠪᠠᠳᠠᠷᠠᠭᠤᠯᠵᠤ᠂ ᠡᠪᠳᠡᠬᠦ ᠠᠷᠭ᠎ᠠ ᠵᠠᠮ ᠪᠠ ᠠᠷᠭ᠎ᠠ ᠶᠢ ᠡᠷᠢᠯᠬᠢᠯᠡᠵᠦ᠂ ᠡᠭᠦᠷᠭᠡ ᠬᠠᠷᠠᠯᠲᠠ ᠶᠢᠨ ᠲᠣᠭᠤᠷᠢᠨ ᠳᠤ᠂ ᠨᠥᠭᠡᠴᠡ ᠬᠦᠴᠦᠨ ᠢ ᠠᠭᠤᠳᠠᠯᠤᠨ ᠬᠦᠴᠦᠷᠬᠡᠭᠵᠢᠭᠦᠯᠬᠦ ᠶᠢ ᠰᠠᠶᠢᠲᠤᠷ ᠠᠳᠬᠤᠬᠤ ᠪᠠᠷ ᠪᠠᠷᠠᠬᠤ ᠦᠭᠡᠢ ᠪᠠᠰᠠ ᠨᠡᠮᠡᠭᠳᠡᠯ ᠢ ᠨᠡᠮᠡᠭᠳᠡᠭᠦᠯᠦᠨ ᠪᠤᠵᠠᠭᠠᠶᠢᠷᠠᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠦᠨᠡᠨ ᠪᠣᠳᠠᠲᠠᠢ ᠠᠵᠢᠯᠯᠠᠭ᠎ᠠ ᠪᠠᠷ ᠢᠶᠠᠨ ᠡᠯ᠎ᠡ ᠵᠦᠢᠯ ᠤᠨ ᠬᠠᠷᠠᠯᠲᠠ ᠡᠭᠦᠷᠭᠡ ᠶᠢᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠃ ᠡᠯ᠎ᠡ ᠱᠠᠲᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠲᠠᠢ ᠬᠠᠷᠠᠯᠲᠠ ᠪᠠ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢᠨ ᠲᠣᠭᠤᠷᠢᠨ ᠳᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠨᠡᠪᠲᠡᠷᠡᠯᠴᠡᠨ ᠵᠣᠬᠢᠴᠠᠭᠤᠯᠬᠤ᠂ ᠵᠢᠯᠣᠭᠤᠳᠤᠨ ᠲᠣᠬᠢᠷᠠᠭᠤᠯᠬᠤ ᠪᠠ ᠰᠢᠪᠠᠳᠠᠨ ᠵᠢᠯᠤᠭᠤᠳᠬᠤ ᠪᠠᠨ ᠴᠢᠩᠭᠠᠳᠬᠠᠵᠤ᠂ ᠡᠯ᠎ᠡ ᠵᠦᠢᠯ ᠤᠨ ᠡᠭᠦᠷᠭᠡ ᠬᠠᠷᠠᠯᠲᠠ ᠶᠢ ᠡᠴᠦᠰ ᠲᠤᠨᠢ ᠲᠤᠯᠲᠠᠯ᠎ᠠ ᠨᠠᠶᠢᠳᠠᠪᠤᠷᠢᠵᠢᠭᠤᠯᠵᠤ᠂ ᠪᠣᠳᠠᠲᠠᠢ ᠪᠠᠷ ᠪᠡᠶᠡᠯᠡᠭᠦᠯᠬᠦ ᠶᠢ ᠪᠠᠲᠤᠯᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠡᠢ᠃    ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠮᠧᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠵᠠᠩ ᠵᠢᠶᠦ᠋ᠨ ᠢᠦᠢ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃   
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号