ᠭᠦᠢᠯᠡᠷ ᠪᠠᠯᠭᠠᠰᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/5/14
    ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠭᠦᠢᠯᠡᠷ ᠪᠠᠯᠭᠠᠰᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃     5 ᠰᠠᠷ᠎ᠠ ᠶᠢᠨ10 ᠤ ᠡᠳᠦᠷ᠂ ᠲᠦᠩᠯᠢᠶᠣᠣ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠰᠤᠳᠤᠯᠭᠠᠨ ᠤ ᠨᠡᠶᠢᠭᠡᠮᠯᠢᠭ ᠤᠨ ᠬᠢᠨ ᠭᠦᠢᠯᠡᠷ ᠪᠠᠯᠭᠠᠰᠤ ᠶᠢᠨ ᠪᠠᠶᠠᠨᠵᠢᠷᠦᠬᠡ ᠠᠭᠤᠯᠠᠨ ᠳᠤ ᠬᠦᠷᠴᠦ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠤᠨ ᠲᠤᠬᠠᠢ ᠰᠢᠨᠵᠢᠯᠡᠨ ᠪᠠᠶᠢᠴᠠᠭᠠᠪᠠ᠃ ᠠᠳᠡ ᠰᠤᠳᠤᠯᠭᠠᠨ ᠤ ᠨᠡᠶᠢᠭᠡᠮᠯᠢᠭ ᠤᠨ ᠪᠦᠷᠢᠯᠳᠦᠭᠦᠨ ᠨᠠᠷ ᠲᠤᠬᠠᠢ ᠶᠢᠨ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢᠳ ᠲᠠᠢ ᠭᠦᠨᠵᠡᠭᠡᠢ ᠰᠤᠳᠤᠯᠤᠨ ᠶᠠᠷᠢᠯᠴᠠᠭᠰᠠᠨ ᠪᠥᠭᠡᠳ ᠬᠤᠶᠢᠰᠢᠳᠠ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠦᠨᠳᠦᠰᠦᠲᠡᠨ ᠤ ᠰᠣᠶᠣᠯ ᠬᠢᠭᠡᠳ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠶᠢ ᠬᠠᠮᠲᠤ ᠪᠠᠷ ᠲᠦᠯᠬᠢᠨ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠵᠡᠢ᠃     5 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠭᠦᠢᠯᠡᠷ ᠪᠠᠯᠭᠠᠰᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠠᠵᠢᠯᠲᠠᠳ ︽ᠳᠦᠷᠢᠮ︾ ᠢ ᠤᠩᠰᠢᠨ ᠨᠡᠶᠢᠲᠡᠯᠡᠭᠰᠡᠨ ᠤ ᠬᠠᠮᠲᠤ ᠲᠡᠭᠦᠨ ᠤ ᠳᠣᠲᠣᠷᠠᠬᠢ ᠬᠡᠰᠡᠭ ᠳᠦᠷᠢᠮ ᠤᠨ ᠠᠭᠤᠯᠭ᠎ᠠ ᠶᠢ ᠲᠠᠶᠢᠯᠪᠤᠷᠢᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠴᠢᠬᠤᠯᠠ ᠴᠢᠨᠠᠷ ᠢ ᠴᠢᠬᠤᠯᠠᠴᠢᠯᠠᠭᠰᠠᠨ ᠪᠠᠶᠢᠨ᠎ᠠ᠃      5 ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨ᠎ᠠ᠂ ᠭᠦᠢᠯᠡᠷ ᠪᠠᠯᠭᠠᠰᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠩᠰᠢᠨ ᠬᠠᠮᠲᠤ ᠪᠠᠷ ᠡᠳ᠋ᠯᠡᠬᠦ ᠬᠤᠷᠠᠯ ᠢ ᠵᠣᠬᠢᠶᠠᠨ ᠪᠠᠶᠢᠭᠤᠯᠵᠤ ᠥᠷᠨᠢᠭᠦᠯᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠤᠨ ᠰᠠᠭᠤᠷᠢᠨ ᠪᠣᠯᠣᠨ ᠲᠣᠰᠬᠤᠨ ᠤ ᠱᠠᠲᠤᠨ ᠤ ᠨᠠᠮ ᠪᠣᠯᠣᠨ ᠤᠯᠠᠨ ᠲᠦᠮᠡᠨ ᠤ ᠦᠢᠯᠡᠴᠢᠯᠡᠭᠡᠨ ᠤ ᠲᠥᠪ ᠢ ᠪᠠᠲᠤ ᠴᠣᠭᠴᠠᠯᠠᠵᠤ᠂ ᠤᠯᠠᠨ ᠢᠶᠠᠷ ᠢᠶᠠᠨ ᠬᠠᠮᠲᠤ ᠰᠠᠭᠤᠵᠤ᠂ ᠥᠪᠡᠷ ᠤᠨ ︽ᠳᠦᠷᠢᠮ︾ ᠢ ᠰᠤᠷᠤᠯᠴᠠᠭᠰᠠᠨ ᠣᠯᠣᠯᠲᠠ ᠲᠥᠷᠥᠭᠳᠡᠯ ᠢᠶᠠᠨ ᠬᠤᠪᠢᠶᠠᠯᠴᠠᠵᠠᠢ᠃ ᠬᠤᠪᠢᠶᠠᠨ ᠡᠳ᠋ᠯᠡᠭᠴᠢᠳ᠄ ᠡᠳᠦᠷ ᠲᠤᠲᠤᠮ ᠤᠨ ᠠᠵᠢᠯ ᠳᠤᠮᠳᠠ ᠪᠠᠨ ︽ᠳᠦᠷᠢᠮ︾ ᠢ ᠰᠤᠷᠤᠯᠴᠠᠨ ᠲᠤᠤᠱᠯᠠᠭᠤᠯᠬᠤ ᠶᠢ ᠴᠢᠩᠭ᠎ᠠ ᠠᠳᠬᠤᠵᠤ᠂ ︽ᠳᠦᠷᠢᠮ︾ ᠢ ᠵᠢᠷᠤᠮᠯᠠᠨ ᠬᠡᠷᠡᠭᠵᠢᠭᠦᠯᠬᠦ ᠶᠢ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠰᠤᠷᠤᠯᠴᠠᠵᠤ ᠤᠬᠠᠭᠤᠯᠬᠤ ᠶᠢᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ ᠢ ᠴᠢᠷᠮᠠᠶᠢᠨ ᠥᠷᠭᠡᠳᠬᠡᠵᠦ᠂ ᠬᠥᠮᠥᠨ ᠪᠦᠬᠦᠨ ᠤ ᠦᠨᠳᠦᠰᠦᠲᠡᠨ ᠤ ᠪᠦᠯᠬᠦᠮᠳᠡᠯ ᠢ ᠠᠩᠬᠠᠷᠬᠤ᠂ ᠬᠥᠮᠥᠨ ᠪᠦᠬᠦᠨ ᠦᠨᠳᠦᠰᠦᠲᠡᠨ ᠤ ᠳᠠᠪᠰᠢᠯᠲᠠ ᠶᠢ ᠳᠡᠮᠵᠢᠬᠦ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠤᠭᠤᠳᠴᠤ᠂ ᠡᠷᠡᠭᠦᠯ᠂ ᠲᠣᠭᠲᠠᠭᠤᠨ᠂ ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ ᠲᠣᠭᠤᠷᠢᠨ ᠢ ᠬᠠᠮᠲᠤᠪᠠᠷ ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠠᠵᠢᠯ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号