ᠴᠠᠷᠠᠰᠤᠨ ᠪᠠᠯᠭᠠᠰᠤ᠄ ᠬᠢᠩᠭᠠᠨ ᠠᠶᠢᠮᠠᠭ ᠤᠨ ᠵᠢᠶᠠ ᠾᠧ ᠠᠮᠤ ᠪᠤᠳᠠᠭᠠᠨ ᠤ ᠦᠢᠯᠡᠰ ᠤᠨ ᠬᠢᠵᠠᠭᠠᠷᠲᠤ ᠺᠣᠮᠫᠠᠨᠢ ᠲᠠᠪᠤᠳᠤᠭᠠᠷ ᠬᠤᠭᠤᠴᠠᠭᠠᠨ ᠤ ᠴᠢᠬᠢ ᠰᠠᠭᠤᠯᠭᠠᠬᠤ ᠦᠶ᠎ᠡ ᠶᠢᠨ ᠠᠵᠢᠯᠯᠠᠭ᠎ᠠ ᠢ ᠡᠷᠭᠢᠯᠡᠪᠡ
ᠨᠡᠶᠢᠲᠡᠯᠡᠭᠰᠡᠨ ᠴᠠᠭ᠄
2024/5/20
    5 ᠰᠠᠷ᠎ᠠ ᠶᠢᠨ 18 ᠤ ᠡᠳᠦᠷ᠂ ︽ᠠᠭᠤᠯᠠ ᠤᠰᠤ ᠤᠢ ᠰᠢᠭᠤᠢ ᠲᠠᠷᠢᠶ᠎ᠠ ᠲᠤᠮᠤᠰᠤ᠂ ᠵᠢᠶᠠ ᠾᠧ ᠠᠮᠤ ᠪᠤᠳᠠᠭᠠᠨ ᠤ ᠦᠢᠯᠡᠰ︾ ᠢᠶᠠᠷ ᠭᠤᠣᠯ ᠰᠡᠳᠦᠪ ᠪᠣᠯᠭᠠᠭᠰᠠᠨ ᠬᠢᠩᠭᠠᠨ ᠠᠶᠢᠮᠠᠭ ᠤᠨ ᠵᠢᠶᠠ ᠾᠧ ᠠᠮᠤ ᠪᠤᠳᠠᠭᠠᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠲᠠᠪᠤᠳᠤᠭᠠᠷ ᠬᠤᠭᠤᠴᠠᠭᠠᠨ ᠤ ᠴᠢᠬᠢ ᠰᠠᠭᠤᠯᠭᠠᠬᠤ ᠪᠠᠶᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠠᠷᠠᠰᠤᠨ ᠪᠠᠯᠭᠠᠰᠤᠨ ᠤ ᠵᠢᠶᠠ ᠾᠧ ᠠᠮᠤ ᠪᠤᠳᠠᠭᠠᠨ ᠤ ᠦᠢᠯᠡᠰ ᠤᠨ ᠬᠦᠷᠢᠶᠡᠯᠡᠩ ᠳᠤ ᠬᠥᠭᠵᠢᠶᠡᠨᠲᠡᠢ ᠡᠬᠢᠯᠡᠯ᠎ᠡ᠃     ᠬᠥᠬᠡ ᠣᠭᠲᠠᠷᠭᠤᠢ ᠪᠠᠷ ᠠᠷᠤ ᠦᠵᠡᠭᠳᠡᠯ ᠪᠣᠯᠭᠠᠵᠤ᠂ ᠲᠤᠲᠤᠷᠭᠠᠨ ᠲᠠᠷᠢᠶ᠎ᠠ ᠪᠠᠷ ᠪᠥᠵᠢᠭ ᠤᠨ ᠲᠠᠶᠢᠰᠠ ᠬᠢᠭᠰᠡᠨ‌ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠴᠢᠬᠢ ᠰᠠᠭᠤᠯᠭᠠᠬᠤ ᠤᠷᠤᠯᠳᠤᠭᠠᠨ ᠢ ᠵᠠᠯᠭᠠᠭ᠎ᠠ ᠪᠠᠷ ᠥᠷᠨᠢᠭᠦᠯᠵᠦ᠂ ᠤᠷᠤᠯᠳᠤᠭᠠᠨ ᠳᠤ ᠣᠷᠣᠯᠴᠠᠭᠰᠠᠳ ᠤᠰᠤᠨ ᠭᠤᠲᠤᠯ ᠢᠶᠠᠨ ᠡᠮᠦᠰᠴᠦ᠂ ᠥᠮᠥᠳᠦᠨ ᠰᠢᠷᠬᠤᠨᠠᠭ ᠢᠶᠠᠨ ᠤᠶᠠᠵᠤ ᠲᠤᠲᠤᠷᠭᠠᠨ ᠲᠠᠷᠢᠶᠠᠨ ᠳᠤ ᠳᠠᠷᠠᠭᠠᠯᠠᠨ ᠵᠢᠭᠰᠠᠵᠤ᠂ ᠱᠦᠭᠯᠦ ᠶᠢᠨ ᠳᠠᠭᠤᠨ ᠢ ᠰᠤᠨᠤᠰᠬᠤ  ᠲᠠᠢ ᠵᠡᠷᠭᠡ ᠲᠤᠲᠤᠷᠭᠠᠨ ᠲᠠᠷᠢᠶ᠎ᠠ ᠳᠤ ᠬᠦᠶᠦᠨ ᠤᠷᠤᠵᠤ ᠤᠷᠤᠯᠳᠤᠭᠠᠨ ᠬᠢᠵᠤ ᠮᠠᠰᠢ ᠶᠠᠭᠠᠷᠠᠯᠲᠠᠢ ᠠᠵᠢᠯᠯᠠᠨ᠎ᠠ᠃  ︽ᠥᠨᠥᠳᠥᠷ ᠬᠡᠦᠬᠡᠳ ᠢᠶᠠᠨ ᠳᠠᠭᠠᠭᠤᠯᠤᠨ ᠴᠢᠬᠢ ᠰᠠᠭᠤᠯᠭᠠᠬᠤ ᠠᠵᠢᠯᠯᠠᠭ᠎ᠠ ᠳᠤ ᠣᠷᠣᠯᠴᠠᠭᠤᠯᠵᠤ᠂ ᠲᠠᠷᠢᠶᠠᠯᠠᠩ ᠤᠨ ᠰᠣᠶᠣᠯ  ᠢ ᠪᠡᠶ᠎ᠡ ᠪᠠᠷ  ᠢᠶᠠᠨ ᠣᠶᠢᠯᠠᠭᠠᠭᠤᠯᠵᠤ ᠲᠠᠨᠢᠭᠤᠯᠵᠠᠢ᠂ ᠲᠤᠬᠠᠢ  ᠶᠢᠨ ᠲᠠᠯᠠᠪᠤᠷ ᠲᠤ ᠨᠠᠭᠠᠳᠴᠤ ᠪᠣᠯᠬᠤ ᠵᠦᠢᠯ ᠪᠠᠰᠠ ᠣᠨᠴᠠᠭᠠᠶ ᠣᠯᠠᠨ ᠪᠠᠶᠢᠨ᠎ᠠ᠂ ᠬᠡᠦᠬᠡᠳ ᠤᠳ ᠡᠨᠡ ᠤᠳᠠᠭ᠎ᠠ  ᠶᠢᠨ ᠠᠶᠠᠯᠠᠯ  ᠢ ᠲᠠᠯᠠᠭᠠᠷ ᠦᠩᠭᠡᠷᠡᠭᠦᠯᠦᠭᠰᠡᠨ ᠦᠭᠡᠢ ᠮᠠᠰᠢ ᠪᠠᠶᠠᠷᠲᠠᠢ ᠨᠠᠭᠠᠳᠤᠭᠰᠠᠨ ᠶᠤᠮ︾ ᠭᠡᠵᠦ ᠵᠤᠭᠠᠴᠠᠭᠴᠢ ᠰᠢᠶᠠ ᠶᠠᠨ ᠬᠡᠯᠡᠪᠡ᠃      ᠬᠢᠩᠭᠠᠨ ᠠᠶᠢᠮᠠᠭ ᠤᠨ ᠵᠢᠶᠠ ᠾᠧ ᠠᠮᠤ ᠪᠤᠳᠠᠭᠠᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠰᠢᠦᠢ ᠳ᠋ᠠ ᠸᠧᠢ᠄ ︽ᠴᠢᠬᠢ ᠰᠠᠭᠤᠯᠭᠠᠬᠤ ᠪᠠᠶᠠᠷ ᠪᠣᠯ ᠲᠠᠷᠢᠶᠠᠯᠠᠩ ᠤᠨ ᠦᠢᠯᠡᠳᠪᠦᠷᠢᠯᠡᠯ᠂ ᠲᠤᠲᠤᠷᠭ᠎ᠠ ᠡᠳ᠋ᠰᠢᠭᠦᠯᠬᠦ᠂ ᠵᠤᠭᠠᠴᠠᠨ ᠲᠣᠭᠤᠷᠢᠬᠤ ᠪᠠᠷ ᠳᠠᠮᠵᠢᠭᠤᠯᠵᠤ᠂ ᠬᠥᠳᠡᠭᠡ ᠲᠣᠰᠬᠤᠨ ᠤ ᠠᠮᠢ ᠠᠬᠤᠢ᠂ ᠠᠮᠢᠳᠤᠷᠠᠯ᠂ ᠦᠢᠯᠡᠳᠪᠦᠷᠢᠯᠡᠯ ᠢ ᠪᠦᠷᠢᠨ ᠲᠡᠭᠦᠯᠳᠡᠷ ᠠᠭᠤᠰᠤᠯᠴᠠᠭᠤᠯᠵᠤ᠂ ᠠᠵᠤ ᠦᠢᠯᠡᠰ ᠢᠶᠠᠷ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠬᠥᠲᠥᠯᠥᠨ ᠳᠠᠭᠠᠭᠤᠯᠤᠨ᠎ᠠ︾ ᠭᠡᠵᠦ ᠬᠡᠯᠡᠪᠡ᠃      ᠲᠣᠰ ᠤᠳᠠᠭᠠᠨ ᠤ ᠠᠵᠢᠯᠯᠠᠭ᠎ᠠ ᠨᠢ ︽ᠲᠠᠷᠢᠶᠠᠯᠠᠬᠤ︾ ᠪᠠᠷ ᠵᠠᠭᠤᠴᠢ ᠪᠣᠯᠭᠠᠵᠤ᠂ ︽ᠪᠠᠶᠠᠷ ᠳᠤᠷᠠᠰᠬᠠᠯ ᠤᠨ ᠡᠳᠦᠷ︾ ᠢᠶᠠᠷ ᠨᠠᠶᠢᠵᠠ ᠨᠠᠷ ᠲᠠᠢ ᠪᠠᠨ ᠠᠭᠤᠯᠵᠠᠵᠤ᠂ ᠡᠯᠪᠡᠭ ᠪᠠᠶᠠᠯᠢᠭ ᠰᠣᠶᠣᠯ ᠤᠨ ᠠᠵᠢᠯᠯᠠᠭ᠎ᠠ ᠪᠠ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠰᠣᠨᠢᠷᠬᠠᠯᠲᠠᠢ ᠤᠷᠤᠯᠳᠤᠭᠠᠨ ᠢᠶᠠᠷ ᠳᠠᠮᠵᠢᠭᠤᠯᠤᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠥᠪᠡᠷᠮᠢᠴᠡ ᠣᠨᠴᠠᠯᠢᠭ ᠲᠠᠢ ᠲᠠᠷᠢᠶᠠᠯᠠᠬᠤ ᠰᠣᠶᠣᠯ ᠤᠨ ᠨᠠᠷᠠᠲᠤ ᠲᠡᠮᠳᠡᠭ ᠢ ᠪᠣᠶ ᠪᠣᠯᠭᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠵᠢᠭᠤᠯᠴᠢᠯᠠᠯ ᠤᠨ ᠨᠥᠯᠥᠭᠡᠯᠡᠬᠦ ᠬᠦᠴᠦᠨ ᠪᠠ ᠢᠷᠠᠭᠤ ᠠᠯᠳᠠᠷ ᠤᠨ ᠬᠡᠮᠵᠢᠶ᠎ᠡ ᠶᠢ ᠲᠠᠰᠤᠷᠠᠯᠲᠠ ᠦᠭᠡᠢ ᠥᠷᠭᠡᠳᠬᠡᠵᠡᠢ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号