ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠤᠭᠤᠷᠢᠨ ᠤ ᠲᠢᠩᠬᠢᠮ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/5/27
     5 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ᠳᠡᠳ᠋ ᠳᠠᠷᠤᠭ᠎ᠠ ᠵᠣᠣ ᠱᠢ ᠳ᠋ᠧ ᠨᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠬᠦᠷᠴᠦ᠂ ᠶᠠᠷᠢᠯᠴᠠᠬᠤ ᠬᠤᠷᠠᠯ ᠬᠢᠬᠦ ᠬᠡᠯᠪᠡᠷᠢ ᠪᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠯᠪᠣᠭ᠎ᠠ ᠶᠢ ᠳᠠᠭᠠᠭᠠᠴᠢᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ᠂ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠳᠠᠷᠤᠭ᠎ᠠ ᠡᠷᠳᠡᠨᠢ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠢ ᠲᠤᠸ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠶᠠᠷᠢᠯᠴᠠᠬᠤ ᠬᠤᠷᠠᠯ ᠳᠤ ᠣᠷᠣᠯᠴᠠᠵᠠᠢ᠃      ᠬᠤᠷᠠᠯ ᠠᠴᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠵᠢᠷᠭᠤᠭ᠎ᠠ ᠶᠢ ᠨᠢᠭᠡᠳᠦᠯᠲᠡᠢ ᠲᠥᠯᠥᠪᠵᠢᠭᠦᠯᠬᠦ︾ ᠶᠢ ᠠᠬᠢᠭᠤᠯᠬᠤ᠂ ᠠᠮᠢ ᠠᠬᠤᠢ ᠣᠷᠴᠢᠨ ᠲᠣᠭᠤᠷᠢᠨ ᠤ ᠠᠵᠢᠯ ᠢ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠪᠠ ︽ᠶᠡᠭᠡ ᠠᠮᠢ ᠠᠬᠤᠢ︾ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠵᠢᠴᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ᠂ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠶᠢᠨ ᠬᠡᠯᠪᠡᠷᠢ ᠶᠢ ᠬᠤᠪᠢᠷᠠᠭᠤᠯᠬᠤ᠂ ᠪᠠᠶᠢᠭᠤᠯᠤᠮᠵᠢ ᠡᠩᠨᠡᠭᠡ ᠶᠢᠨ ᠪᠠᠶᠢᠭᠤᠯᠤᠯᠲᠠ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃    ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠵᠣᠣ ᠱᠢ ᠳ᠋ᠧ ᠬᠡᠯᠡᠬᠦ ᠳᠡᠭᠡᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠭᠦᠨᠵᠡᠭᠡᠢ ᠠᠬᠢᠭᠤᠯᠵᠤ᠂ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠤᠶᠢᠯᠠᠭᠠᠯᠴᠠᠨ ᠵᠣᠬᠢᠴᠠᠭᠤᠯᠬᠤ ᠪᠦᠷᠢᠨ ᠲᠥᠬᠦᠷ ᠲᠣᠭᠲᠠᠴᠠ ᠶᠢ ᠪᠠᠶᠢᠭᠤᠯᠵᠤ᠂ ᠡᠯ᠎ᠡ ᠱᠠᠲᠤ᠂ ᠡᠯ᠎ᠡ ᠰᠠᠯᠠᠭ᠎ᠠ ᠮᠥᠴᠢᠷ ᠤᠨ ᠤᠶᠢᠯᠠᠭᠠᠯᠴᠠᠨ ᠬᠠᠮᠵᠢᠯᠴᠠᠬᠤ ᠶᠢ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ︽ᠵᠢᠷᠭᠤᠭ᠎ᠠ ᠶᠢ ᠨᠢᠭᠡᠳᠦᠯᠲᠡᠢ ᠲᠥᠯᠥᠪᠵᠢᠭᠦᠯᠬᠦ︾ ᠪᠠᠷ ᠭᠠᠷᠳᠠᠴᠠ ᠪᠣᠯᠭᠠᠵᠤ᠂ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠤ ᠲᠣᠪᠣᠶᠢᠮ᠎ᠠ ᠠᠰᠠᠭᠤᠳᠠᠯ ᠢ ᠪᠦᠬᠦ ᠲᠠᠯ᠎ᠠ ᠪᠠᠷ ᠰᠠᠶᠢᠲᠤᠷ ᠡᠮᠬᠢᠯᠡᠵᠦ᠂ ᠰᠠᠶᠢᠲᠤᠷ ᠰᠢᠢᠳᠪᠦᠷᠢᠯᠡᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠪᠠ ︽ᠶᠡᠭᠡ ᠠᠮᠢ ᠠᠬᠤᠢ︾ ᠲᠡᠰᠢ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠨ ᠪᠡᠶᠡᠯᠡᠭᠦᠯᠬᠦ ᠬᠡᠷᠡᠭᠲᠡᠢ ᠭᠡᠵᠡᠢ᠃     ᠬᠤᠷᠠᠯ ᠳᠡᠭᠡᠷ᠎ᠡ᠂ ᠯᠢᠦ ᠬᠠᠢ ᠲᠤᠸ ᠢᠯᠡᠷᠬᠡᠶᠢᠯᠡᠬᠦ ᠳᠡᠭᠡᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠠᠮᠢ ᠠᠬᠤᠢ ᠶᠢᠨ ᠬᠠᠮᠠᠭᠠᠯᠠᠯᠲᠠ ᠶᠢᠨ ᠤᠯᠤᠰ ᠲᠥᠷᠥ ᠶᠢᠨ ᠡᠭᠦᠷᠭᠡ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠬᠡᠮ ᠰᠣᠭᠤᠭ ᠢ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠠᠳᠬᠤᠵᠤ᠂ ᠲᠣᠭᠲᠠᠴᠠ ᠶᠢᠨ ᠪᠠᠶᠢᠭᠤᠯᠤᠯ ᠢ ᠪᠦᠷᠢᠨᠰᠢᠭᠦᠯᠦᠨ᠂ ᠪᠥᠬᠦ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ ᠭᠡᠵᠡᠢ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号