ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠯ ᠪᠥᠮᠪᠦᠭᠡ ᠶᠢᠨ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠬᠤᠶᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/28
     5 ᠰᠠᠷ᠎ᠠ ᠶᠢᠨ 24 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠯ ᠪᠥᠮᠪᠦᠭᠡ ᠶᠢᠨ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠬᠤᠶᠠᠳᠤᠭᠠᠷ ᠬᠤᠷᠠᠯ ᠬᠤᠷᠠᠯᠳᠤᠵᠤ᠂ ᠬᠢᠩᠭᠠᠨ ᠠᠶᠢᠮᠠᠭ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠯᠦ ᠳ᠋ᠧ ᠸᠧᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠱᠦᠵᠢ ᠳ᠋ᠢᠩ ᠪᠥᠸᠧ᠂ ᠬᠤᠰᠢᠭᠤᠨ ᠤ ᠬᠥᠯ ᠪᠥᠮᠪᠦᠭᠡ ᠶᠢᠨ ᠨᠡᠶᠢᠭᠡᠮᠯᠢᠭ ᠤᠨ ᠨᠡᠷ᠎ᠡ ᠬᠦᠨᠳᠦᠲᠦ ᠲᠡᠷᠢᠭᠦᠯᠡᠭᠴᠢ ᠰᠢᠸ ᠷᠦ᠋ ᠹᠧᠩ ᠨᠠᠷ ᠬᠤᠷᠠᠯ ᠳᠤ ᠣᠷᠣᠯᠴᠠᠵᠠᠢ᠃      ᠬᠤᠷᠠᠯ  ᠠᠴᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2023 ᠣᠨ ᠤ ᠬᠥᠯ ᠪᠥᠮᠪᠦᠭᠡ ᠶᠢᠨ ᠨᠡᠶᠢᠭᠡᠮᠯᠢᠭ ᠤᠨ ᠠᠵᠢᠯ  ᠢ ᠪᠥᠬᠦ ᠲᠠᠯ᠎ᠠ ᠪᠠᠷ ᠳ᠋ᠦᠩᠨᠡᠵᠦ᠂ 2024 ᠣᠨ ᠤ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ  ᠠᠴᠠ ᠴᠢᠬᠤᠯᠠᠴᠢᠯᠠᠭᠰᠠᠨ ᠨᠢ᠂ ᠤᠯᠤᠰ ᠲᠥᠷᠥ  ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠰᠢᠭᠤᠨ ᠤ ᠨᠠᠮ ᠤᠨ ᠬᠤᠷᠢᠶᠠᠨ ᠤ ︽ᠳᠡᠭᠡᠭᠰᠢ ᠮᠠᠴᠤᠬᠤ᠂ ᠬᠦᠳᠡᠭᠡ ᠪᠠᠭᠤᠬᠤ᠂ ᠭᠠᠳᠠᠭᠰᠢ ᠭᠠᠷᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠶᠢ ᠢᠯᠡᠭᠦᠬᠡᠨ ᠣᠯᠵᠤ᠂ ᠰᠤᠮᠤ ᠰᠢᠶᠠᠩ ᠪᠠᠯᠭᠠᠰᠤᠨ ᠤ ᠨᠢᠭᠡᠳᠦᠭᠡᠷ ᠹᠷᠣᠨᠲ ᠲᠤ ᠢᠯᠡᠭᠦᠬᠡᠨ ᠪᠠᠭᠤᠵᠤ ᠪᠠᠶᠢᠳᠠᠯ ᠢ ᠣᠶᠢᠯᠠᠭᠠᠵᠤ᠂ ᠲᠡᠷᠢᠭᠦᠨ ᠤ ᠭᠠᠵᠠᠷ ᠣᠷᠣᠨ ᠳᠤ ᠢᠯᠡᠭᠦᠬᠡᠨ ᠬᠦᠷᠴᠦ ᠲᠡᠷᠢᠭᠦᠨ ᠤ ᠲᠤᠷᠰᠢᠯᠭ᠎ᠠ ᠠᠷᠭ᠎ᠠ ᠶᠢ ᠰᠤᠷᠤᠯᠴᠠᠵᠤ᠂ ᠠᠵᠢᠯ ᠤᠨ ᠬᠠᠯᠠᠭᠤᠨ ᠰᠡᠳᠬᠢᠯᠭᠡ ᠪᠠᠨ ᠦᠷᠭᠦᠯᠵᠢᠯᠡᠨ ᠪᠠᠲᠤᠯᠠᠬᠤ ᠬᠡᠷᠡᠭᠲᠡᠢ᠃ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠴᠢᠳᠠᠪᠤᠷᠢ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠪᠡᠯᠡᠳᠬᠡᠯ ᠴᠢᠳᠠᠪᠤᠷᠢᠲᠠᠨ᠂ ᠰᠤᠷᠭᠠᠭᠴᠢ᠂ ᠬᠢᠨᠠᠭᠴᠢ ᠶᠢᠨ ᠪᠣᠯᠪᠠᠰᠤᠷᠠᠯ ᠤᠨ ᠡᠷᠴᠢᠮ ᠢ ᠴᠢᠩᠭᠠᠳᠬᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠰᠠᠭᠤᠷᠢ ᠶᠢ ᠬᠦᠴᠦᠯᠡᠨ ᠪᠠᠬᠢᠵᠢᠭᠦᠯᠬᠦ ᠬᠡᠷᠡᠭᠲᠡᠢ᠃ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠤᠬᠠᠭᠤᠯᠬᠤ ᠰᠠᠯᠠᠭ᠎ᠠ ᠮᠥᠴᠢᠷ ᠲᠠᠢ ᠬᠠᠮᠲᠤᠷᠠᠨ ᠴᠢᠨᠠᠷ ᠰᠠᠶᠢᠲᠠᠢ᠂ ᠦᠷ᠎ᠡ ᠪᠦᠲᠦᠮᠵᠢ ᠪᠠᠷ ᠰᠠᠶᠢᠨ ᠤᠬᠠᠭᠤᠯᠭ᠎ᠠ ᠶᠢᠨ ᠪᠦᠲᠦᠭᠡᠯ ᠤᠳ ᠢ ᠭᠠᠷᠭᠠᠵᠤ᠂ ᠵᠠᠭᠤᠴᠢᠯᠠᠭᠤᠷ ᠤᠨ ᠳᠠᠪᠠᠭᠤᠯᠢᠭ ᠢ ᠪᠠᠳᠠᠷᠠᠭᠤᠯᠵᠤ᠂ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ ᠪᠡᠶ᠎ᠡ ᠲᠠᠮᠢᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ᠂ ᠬᠥᠯ ᠪᠥᠮᠪᠦᠭᠡ ᠪᠠᠷ ᠬᠤᠰᠢᠭᠤ ᠪᠠᠨ ᠬᠦᠴᠦᠷᠬᠡᠭᠵᠢᠭᠦᠯᠬᠦ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠬᠥᠯ ᠪᠥᠮᠪᠦᠭᠡ ᠶᠢᠨ ᠨᠡᠶᠢᠭᠡᠮᠯᠢᠭ ᠤᠨ ᠪᠠᠭ ᠤᠨ ᠪᠦᠷᠢᠯᠳᠦᠭᠦᠨ ᠤ ᠨᠡᠷᠡᠰ ᠢ ᠨᠡᠮᠡᠵᠦ ᠨᠥᠬᠦᠪᠦᠷᠢᠯᠡᠭᠰᠡᠨ ᠪᠥᠭᠡᠳ ᠤᠷᠢᠯᠭ᠎ᠠ ᠶᠢᠨ ᠪᠢᠴᠢᠭ ᠭᠠᠷᠳᠠᠭᠤᠯᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号