ᠬᠠᠪᠰᠤᠷᠤᠨ ᠲᠡᠳᠬᠦᠬᠦ ᠠᠵᠢᠯ ᠢ ᠦᠨᠡᠨᠬᠦ ᠲᠦᠯᠬᠢᠨ ᠠᠬᠢᠭᠤᠯᠬᠤ ᠶᠢᠨ ᠲᠥᠯᠥᠭᠡ᠂ ᠨᠠᠷᠢᠨ ᠲᠠᠯ᠎ᠠ ᠠᠴᠠ | ᠭᠠᠷᠳᠠᠵᠤ᠂ ᠤᠨᠢᠨ ᠳᠡᠭᠡᠷ᠎ᠡ ᠨᠢ ᠬᠦᠴᠦᠯᠡᠬᠦ ᠶᠢᠨ ᠲᠥᠯᠥᠭᠡ᠂ 5 ᠰᠠᠷ᠎ᠠ ᠶᠢᠨ 28 ᠤ ᠡᠳᠦᠷ ᠤᠨ ᠦᠳᠡ ᠶᠢᠨ | ᠬᠤᠶᠢᠨ᠎ᠠ᠂ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠠᠴᠠ ᠴᠠᠷᠠᠰᠤᠨ ᠪᠠᠯᠭᠠᠰᠤᠨ ᠤ ᠪᠠᠭ᠎ᠠ | ᠰᠤᠷᠭᠠᠭᠤᠯᠢ ᠳᠤ 2 ᠫᠢᠩᠫᠠᠩ ᠪᠥᠮᠪᠦᠭᠡ ᠶᠢᠨ ᠲᠠᠶᠢᠰᠠ ᠬᠠᠨᠳᠢᠪᠯᠡᠪᠠ᠂ ᠶᠡᠷᠦᠩᠬᠡᠢ ᠥᠷᠲᠡᠭ ᠨᠢ 5000 ᠭᠠᠷᠤᠢ | ᠲᠥᠭᠦᠷᠢᠭ ᠪᠣᠯᠣᠨ᠎ᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠳᠡᠳ᠋ | ᠳᠠᠷᠤᠭ᠎ᠠ ᠵᠧᠩ ᠪᠥᠸᠧ᠂ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠳᠤ ᠲᠣᠮᠢᠯᠠᠨ | ᠰᠠᠭᠤᠯᠭᠠᠭᠰᠠᠨ ᠴᠠᠷᠠᠰᠤᠨ ᠭᠠᠴᠠᠭ᠎ᠠ ᠶᠢᠨ ᠨᠢᠭᠡᠳᠦᠭᠡᠷ ᠱᠦᠵᠢ ᠵᠣᠣ ᠪᠢᠨ᠂ ᠴᠠᠷᠠᠰᠤᠨ ᠪᠠᠭ᠎ᠠ ᠰᠤᠷᠭᠠᠭᠤᠯᠢ ᠶᠢᠨ | ᠵᠠᠬᠢᠷᠤᠯ ᠬᠠᠨ ᠲᠠᠢ ᠫᠢᠩ᠂ ᠨᠠᠮ ᠤᠨ ᠡᠭᠦᠷ ᠤᠨ ᠱᠦᠵᠢ ᠬᠠᠨ ᠴᠦᠨ ᠯᠢᠨ ᠬᠠᠨᠳᠢᠪᠯᠡᠬᠤ ᠶᠣᠰᠣᠯᠠᠯ ᠳᠤ | ᠣᠷᠣᠯᠴᠠᠵᠠᠢ᠃ | ︽ᠪᠥᠮᠪᠦᠭᠡ ᠶᠢᠨ ᠲᠠᠶᠢᠰᠠ ᠶᠢ ᠬᠦᠷᠭᠡᠵᠦ ᠢᠷᠡᠪᠡ᠂ ᠲᠤᠰᠢᠶᠠᠬᠤ ᠪᠠ ᠬᠦᠯᠢᠶᠡᠨ ᠠᠪᠬᠤ ᠠᠵᠢᠯ ᠳᠠᠭᠤᠰᠪᠠ᠃ | ︾ ᠭᠡᠬᠦ ᠳᠦᠭᠦᠮᠬᠡᠨ ᠦᠭᠡ ᠨᠢ ᠡᠨᠡ ᠤᠳᠠᠭᠠᠨ ᠤ ᠬᠠᠨᠳᠢᠪᠯᠡᠨ ᠬᠦᠷᠭᠡᠬᠦ ᠠᠵᠢᠯᠯᠠᠭ᠎ᠠ ᠶᠢ ᠬᠤᠷᠢᠶᠠᠩᠭᠤᠶᠢᠯᠠᠵᠤ | ᠪᠣᠯᠣᠨ᠎ᠠ᠂ ᠳᠥᠭᠦᠮᠬᠡᠨ︽ᠭᠠᠷ ᠳᠠᠮᠵᠢᠭᠤᠯᠤᠭᠴᠢ︾ ᠨᠢ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ | ᠲᠡᠳᠬᠦᠬᠦ ᠶᠢᠨ ︽ᠬᠠᠯᠠᠭᠤᠨ ᠳᠣᠲᠣᠨᠣ︾ ᠪᠠᠶᠢᠬᠤ ᠶᠢ ᠬᠠᠷᠠᠭᠤᠯᠵᠤ ᠪᠠᠶᠢᠨ᠎ᠠ᠃ ᠴᠠᠷᠠᠰᠤᠨ ᠪᠠᠭ᠎ᠠ | ᠰᠤᠷᠭᠠᠭᠤᠯᠢ ᠶᠢᠨ ᠬᠡᠦᠬᠡᠳ ᠤᠳ ᠲᠤ ᠫᠢᠩᠫᠠᠩ ᠪᠥᠮᠪᠦᠭᠡ ᠶᠢᠨ ᠲᠠᠶᠢᠰᠠ ᠪᠡᠯᠡᠭᠯᠡᠭᠰᠡᠨ ᠨᠢ ᠳᠤᠮᠳᠠᠳᠤ ᠤᠯᠤᠰ ᠤᠨ | ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠦᠨᠳᠦᠰᠦᠨ ᠱᠠᠲᠤᠨ ᠤ ᠪᠡᠶ᠎ᠡ ᠶᠢᠨ ᠲᠠᠮᠢᠷ ᠤᠨ ᠰᠤᠷᠭᠠᠨ | ᠬᠥᠮᠦᠵᠢᠯ ᠤᠨ ᠦᠢᠯᠡᠰ ᠢ ᠴᠢᠬᠤᠯᠠᠴᠢᠯᠠᠵᠤ ᠪᠠᠶᠢᠭ᠎ᠠ ᠶᠢ ᠬᠠᠷᠠᠭᠤᠯᠵᠤ ᠪᠠᠶᠢᠬᠤ ᠪᠥᠭᠡᠳ ᠰᠤᠷᠤᠭᠴᠢᠳ ᠲᠤ | ᠲᠠᠮᠢᠷ ᠤᠨ ᠬᠥᠳᠡᠯᠭᠡᠭᠡᠨ ᠳᠤ ᠣᠷᠣᠯᠴᠠᠬᠤ᠂ ᠲᠠᠮᠢᠷ ᠤᠨ ᠬᠥᠳᠡᠯᠭᠡᠭᠡᠨ ᠤ ᠷᠢᠳᠢ ᠰᠢᠳᠢ ᠶᠢ ᠣᠶᠢᠯᠠᠭᠠᠬᠤ ᠨᠡᠩ ᠤᠯᠠᠨ | ᠨᠥᠬᠦᠴᠡᠯ ᠢ ᠬᠠᠩᠭᠠᠵᠤ᠂ ᠲᠠᠮᠢᠷ ᠤᠨ ᠬᠥᠳᠡᠯᠭᠡᠭᠡᠨ ᠤ ᠳᠤᠮᠳᠠ ᠳᠠᠪᠲᠠᠭᠳᠠᠨ ᠪᠣᠶᠢᠵᠢᠵᠤ᠂ ᠤᠷᠮ᠎ᠠ ᠪᠠᠬ᠎ᠠ ᠪᠠ | ᠮᠡᠷᠡᠶᠢᠨ ᠲᠡᠮᠡᠴᠡᠬᠦ ᠵᠣᠷᠢᠭ ᠰᠠᠨᠠᠭ᠎ᠠ ᠶᠢ ᠨᠢ ᠬᠥᠮᠥᠵᠢᠭᠦᠯᠵᠡᠢ᠃ | ᠶᠣᠰᠣᠯᠠᠯ ᠲᠡᠭᠦᠰᠦᠭᠰᠡᠨ ᠤ ᠲᠠᠷᠠᠭ᠎ᠠ᠂ ᠤᠳᠤᠷᠢᠳᠤᠯᠭ᠎ᠠ ᠨᠠᠷ ᠰᠤᠷᠭᠠᠭᠤᠯᠢ ᠶᠢᠨ ᠵᠠᠬᠢᠷᠤᠯ ᠤᠨ | ᠳᠠᠭᠠᠭᠤᠯᠭ᠎ᠠ ᠪᠠᠷ ᠰᠤᠷᠭᠠᠭᠤᠯᠢ ᠶᠢᠨ ᠬᠦᠷᠢᠶ᠎ᠡ ᠶᠢ ᠲᠣᠭᠤᠷᠢᠨ ᠦᠵᠡᠵᠦ᠂ ᠣᠳᠣᠬᠠᠨ ᠤ ᠴᠠᠷᠠᠰᠤᠨ ᠪᠠᠭ᠎ᠠ | ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠪᠠᠶᠢᠳᠠᠯ᠂ ᠪᠠᠭᠰᠢ ᠶᠢᠨ ᠬᠦᠴᠦᠨ᠂ ᠬᠡᠷᠡᠭᠴᠡᠭᠡ ᠱᠠᠭᠠᠷᠳᠠᠯᠭ᠎ᠠ ᠶᠢᠨ | ᠬᠦᠴᠢᠷᠳᠡᠯ ᠢ ᠨᠠᠷᠢᠨ ᠣᠶᠢᠯᠠᠭᠠᠵᠤ᠂ ᠬᠤᠶᠢᠰᠢᠳᠠ ᠶᠢᠨ ᠨᠡᠩ ᠣᠨᠣᠪᠴᠢᠲᠠᠢ᠂ ᠨᠡᠩ ᠪᠦᠲᠦᠮᠵᠢᠲᠡᠢ᠂ ᠬᠠᠪᠰᠤᠷᠤᠨ | ᠲᠡᠳᠬᠦᠬᠦ ᠳᠤ ᠰᠠᠶᠢᠨ ᠰᠠᠭᠤᠷᠢ ᠶᠢ ᠳᠠᠯᠪᠢᠪᠠ᠂ ᠴᠠᠷᠠᠰᠤᠨ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠸᠠᠩ ᠶᠢᠨ | ᠪᠦᠦ ᠪᠠᠷ᠎ᠠ ᠪᠣᠯᠵᠤ ᠲᠣᠭᠤᠷᠢᠨ ᠦᠵᠡᠪᠡ᠃ |