ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠣᠨ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠵᠣᠯᠭᠠᠭᠤᠯᠬᠤ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/5/30
     5 ᠰᠠᠷ᠎ᠠ ᠶᠢᠨ 29 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠣᠨ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠤᠨ ᠬᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠵᠣᠯᠭᠠᠭᠤᠯᠬᠤ ᠶᠠᠷᠢᠯᠴᠠᠬᠤ ᠬᠤᠷᠠᠯ ᠬᠢᠵᠦ᠂ ᠬᠠᠶᠢᠳᠢᠶᠠᠨ ᠲᠣᠭᠤᠷᠢᠭ ᠤᠨ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ ᠶᠢᠨ ᠳᠡᠳ᠋ ᠳᠠᠷᠤᠭ᠎ᠠ᠂ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠰᠢᠶᠠᠩ ᠵᠢᠩ ᠶᠠᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠯᠢ ᠶᠣᠣ ᠵᠢᠶᠧ ᠵᠢᠴᠢ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃       ᠬᠤᠷᠠᠯ ᠠᠴᠠ᠂ 2023 ᠣᠨ ᠤ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠤᠨ ᠡᠮᠴᠢᠯᠡᠭᠡ᠂ ᠰᠤᠷᠭᠠᠨ ᠬᠥᠮᠦᠵᠢᠯ ᠵᠡᠷᠭᠡ ᠲᠠᠯ᠎ᠠ ᠪᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢ ᠬᠠᠪᠰᠤᠷᠤᠨ ᠲᠡᠳᠬᠦᠭᠰᠡᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠪᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠤᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠰᠢᠶᠠᠩ ᠵᠢᠩ ᠶᠠᠩ 2024 ᠣᠨ ᠤ ᠬᠠᠶᠢᠳᠢᠶᠠᠨ ᠲᠣᠭᠤᠷᠢᠭ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠲᠣᠬᠢᠷᠠᠭᠤᠯᠤᠯᠲᠠ ᠶᠢᠨ ᠲᠤᠬᠠᠢ ᠲᠠᠨᠢᠯᠴᠠᠭᠤᠯᠪᠠ᠃ ᠲᠡᠷᠡ ᠬᠡᠯᠡᠬᠦ ᠳᠡᠭᠡᠨ᠂ 2023 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠡᠯ᠎ᠡ ᠲᠥᠷᠥᠯ ᠤᠨ ᠠᠵᠢᠯ ᠲᠥᠷᠥᠯ ᠤᠨ ᠰᠢᠰᠲ᠋ᠧᠮ ᠤᠨ ᠠᠵᠢᠯ ᠤᠨ ᠦᠷ᠎ᠡ ᠪᠦᠲᠦᠭᠡᠯ ᠨᠢ ᠬᠥᠮᠥᠰ ᠢ ᠤᠷᠮᠠᠰᠢᠭᠤᠯᠵᠤ᠂ ᠬᠠᠶᠢᠳᠢᠶᠠᠨ ᠲᠣᠭᠤᠷᠢᠭ ᠬᠢᠭᠡᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠰᠣᠯᠢᠯᠴᠠᠭ᠎ᠠ ᠠᠶᠢᠯᠴᠢᠯᠠᠯᠲᠠ ᠶᠢ ᠦᠷᠭᠦᠯᠵᠢᠯᠡᠨ ᠴᠢᠩᠭᠠᠳᠬᠠᠵᠤ᠂ ᠬᠠᠮᠲᠤᠷᠠᠨ ᠠᠵᠢᠯᠯᠠᠵᠤ ᠬᠠᠮᠲᠤ ᠪᠠᠷ ᠪᠠᠶᠢᠭᠤᠯᠬᠤ ᠶᠢ ᠴᠢᠩᠭᠠᠳᠬᠠᠨ᠂ ᠬᠠᠮᠵᠢᠯᠴᠠᠬᠤ ᠬᠠᠮᠲᠤ ᠶᠢᠨ ᠲᠠᠨᠢᠯᠲᠠ ᠶᠢ ᠪᠣᠶ ᠪᠣᠯᠭᠠᠵᠤ᠂ ︽ᠳᠥᠷᠪᠡᠨ ᠵᠦᠢᠯ ᠤᠨ ᠠᠵᠢᠯᠯᠠᠭ᠎ᠠ︾᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ᠂ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠢ ᠠᠭᠤᠳᠠᠯᠵᠤ᠂ ᠬᠠᠪᠰᠤᠷᠤᠨ ᠲᠡᠳᠬᠦᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃      ᠯᠢ ᠶᠣᠣ ᠵᠢᠶᠧ᠂ ᠬᠠᠶᠢᠳᠢᠶᠠᠨ ᠲᠣᠭᠤᠷᠢᠭ ᠤᠨ ᠬᠢᠨ ᠦᠷᠭᠦᠯᠵᠢᠯᠡᠨ ᠡᠬᠢ ᠪᠠᠶᠠᠯᠢᠭ ᠤᠨ ᠳᠠᠪᠠᠭᠤᠯᠢᠭ ᠢᠶᠠᠨ ᠨᠢᠭᠡᠳᠭᠡᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠯ᠎ᠡ ᠬᠦᠷᠢᠶᠡᠨ ᠤ ᠵᠣᠯᠭᠠᠯᠴᠠᠭ᠎ᠠ ᠬᠠᠮᠲᠤᠷᠠᠯᠴᠠᠭ᠎ᠠ ᠪᠠᠨ ᠥᠷᠭᠡᠳᠬᠡᠵᠦ᠂ ᠨᠡᠩ ᠤᠯᠠᠨ ᠠᠵᠤ ᠦᠢᠯᠡᠰ ᠤᠨ ᠬᠥᠭᠵᠢᠯᠲᠡ ᠶᠢᠨ ᠨᠡᠶᠢᠯᠡᠯᠲᠡ ᠶᠢᠨ ᠴᠡᠭ ᠢ ᠬᠠᠮᠲᠤᠪᠠᠷ ᠡᠷᠢᠯᠬᠢᠯᠡᠵᠦ᠂ ᠨᠡᠩ ᠤᠯᠠᠨ ᠰᠢᠯᠢᠳᠡᠭ ᠡᠬᠢ ᠪᠠᠶᠠᠯᠢᠭ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠨᠡᠩ ᠶᠡᠭᠡ ᠦᠷ᠎ᠡ ᠪᠦᠲᠦᠭᠡᠯ ᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号