ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠬᠠᠪᠤᠷ ᠤᠨ ᠲᠠᠷᠢᠶᠠᠯᠠᠭ᠎ᠠ ᠶᠢᠨ ᠠᠰᠢᠭᠲᠠᠢ ᠲᠣᠬᠢᠶᠠᠯ ᠢ ᠠᠮᠵᠢᠨ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠴᠤ ᠲᠠᠷᠢᠶᠠᠯᠠᠩ ᠤᠨ ᠬᠥᠭᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/5/7
   ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠴᠠᠭ ᠦᠶ᠎ᠡ ᠪᠣᠯᠬᠤ ᠪᠥᠭᠡᠳ ᠪᠠᠰᠠ ᠴᠤ ᠲᠠᠷᠢᠶᠠᠯᠠᠩ ᠳᠤ ᠬᠡᠷᠡᠭᠯᠡᠬᠦ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠬᠤᠷᠢᠶᠠᠨ ᠠᠪᠬᠤ ᠴᠢᠬᠤᠯᠠ ᠵᠠᠩᠭᠢᠯᠠᠭ᠎ᠠ ᠶᠢᠨ ᠴᠠᠭ ᠦᠶ᠎ᠡ ᠪᠣᠯᠣᠨ᠎ᠠ᠃ ᠣᠶᠢᠷ᠎ᠠ ᠶᠢᠨ ᠡᠳᠦᠷ ᠤᠳ ᠲᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠬᠠᠪᠤᠷ ᠤᠨ ᠲᠠᠷᠢᠶᠠᠯᠠᠭ᠎ᠠ ᠶᠢᠨ ᠠᠰᠢᠭᠲᠠᠢ ᠲᠣᠬᠢᠶᠠᠯ ᠢ ᠠᠮᠵᠢᠨ᠂ ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠬᠤ᠂ ᠠᠵᠤ ᠠᠬᠤᠶᠢᠯᠠᠯ ᠢᠶᠠᠷ ᠳᠠᠶᠢᠴᠢᠯᠠᠬᠤ᠂ ᠲᠣᠣᠷ ᠴᠢᠭ᠋ ᠢ ᠬᠤᠷᠢᠶᠠᠨ ᠠᠪᠬᠤ ᠵᠡᠷᠭᠡ ᠠᠷᠭ᠎ᠠ ᠬᠡᠯᠪᠡᠷᠢ ᠪᠠᠷ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠬᠠᠯᠠᠭᠤᠨ ᠥᠷᠨᠢᠯᠲᠡ ᠭᠠᠷᠭᠠᠵᠤ᠂ ᠲᠠᠷᠢᠶᠠᠨ ᠭᠠᠵᠠᠷ ᠤᠨ ︽ᠠᠭᠤᠰᠬᠢ ᠶᠢ ᠴᠡᠪᠡᠷᠯᠡᠨ ᠬᠤᠣᠷ ᠢ ᠠᠷᠢᠯᠭᠠᠵᠤ︾᠂ ᠲᠠᠷᠢᠶᠠᠨ ᠭᠠᠵᠠᠷ ᠢ ᠪᠣᠬᠢᠷᠲᠤᠯ ᠦᠭᠡᠢ ᠪᠣᠯᠭᠠᠵᠤ᠂ ᠲᠠᠷᠢᠶᠠᠯᠠᠩ ᠤᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠵᠡᠢ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳ᠋ᠠᠱᠢᠵᠠᠢ ᠪᠠᠯᠭᠠᠰᠤ ᠶᠢᠨ ᠶᠦᠩ ᠹᠧᠩ ᠲᠣᠰᠬᠤᠨ ᠤ ᠶᠦᠩ ᠹᠧᠩ ᠢᠦᠢ ᠭᠤᠸᠠᠩ ᠬᠠᠩᠭᠠᠨ ᠪᠣᠷᠣᠯᠠᠭᠤᠯᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠬᠤᠷᠢᠶ᠎ᠠ ᠶᠢᠨ ᠡᠷᠭᠢᠯᠲᠡ ᠳᠤ ᠣᠷᠣᠭᠤᠯᠤᠭᠰᠠᠨ ᠲᠠᠷᠢᠶᠠᠨ ᠭᠠᠵᠠᠷ ᠲᠤ᠂ ᠲᠣᠮᠣ ᠬᠡᠯᠪᠡᠷᠢ ᠶᠢᠨ ᠲᠷᠠᠺᠲ᠋ᠣᠷ ᠢᠶᠠᠷ ᠰᠢᠩᠭᠡᠨ ᠳᠠᠷᠤᠴᠠᠲᠤ ᠬᠠᠯᠢᠰᠤ ᠶᠢ ᠲᠡᠪᠡᠷᠢᠬᠦ ᠮᠠᠰᠢᠨ ᠢ ᠲᠠᠲᠠᠵᠤ᠂ ᠲᠠᠷᠢᠶᠠᠨ ᠭᠠᠵᠠᠷ ᠢᠶᠠᠷ ᠰᠦᠯᠵᠢᠯᠳᠦᠨ ᠦᠯᠡᠳᠡᠭᠳᠡᠯ ᠬᠠᠯᠢᠰᠤ ᠶᠢ ᠬᠤᠷᠢᠶᠠᠨ ᠠᠪᠬᠤ ᠠᠵᠢᠯ ᠬᠢᠵᠦ᠂ ᠮᠠᠰᠢᠨ ᠮᠧᠬᠠᠨᠢᠭ ᠤᠨ ᠥᠩᠭᠡᠷᠡᠭᠰᠡᠨ ᠭᠠᠵᠠᠷ ᠤᠨ ᠭᠠᠵᠠᠷ ᠰᠢᠷᠣᠢ ᠶᠢ ᠴᠡᠪᠡᠷ ᠪᠥᠭᠡᠳ ᠲᠡᠭᠰᠢᠬᠡᠨ ᠪᠣᠯᠭᠠᠵᠠᠢ᠃ ᠶᠦᠩ ᠹᠧᠩ ᠢᠦᠢ ᠭᠤᠸᠠᠩ ᠬᠠᠩᠭᠠᠨ ᠪᠣᠷᠣᠯᠠᠭᠤᠯᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠬᠤᠷᠰᠢᠶ᠎ᠠ ᠶᠢᠨ ᠬᠠᠤᠯᠢ ᠶᠢᠨ ᠡᠷᠬᠡᠲᠡᠨ ᠭᠤᠸ ᠢᠦᠢ ᠭᠤᠸᠠᠩ ᠵᠢᠯ ᠪᠦᠷᠢ 1000 ᠭᠠᠷᠤᠢ ᠮᠦ ᠭᠠᠵᠠᠷ ᠰᠢᠷᠣᠢ ᠶᠢ ᠡᠷᠭᠢᠯᠲᠡ ᠳᠤ ᠣᠷᠣᠭᠤᠯᠵᠤ᠂ ᠥᠩᠭᠡᠷᠡᠭᠰᠡᠨ ᠳᠤ ᠲᠠᠷᠢᠶᠠᠨ ᠭᠠᠵᠠᠷ ᠤᠨ ᠬᠠᠶᠠᠭᠳᠠᠮᠠᠯ ᠰᠦᠯᠢᠶᠥᠦ ᠪᠦᠷᠬᠦᠭᠦᠯ ᠢ ᠴᠥᠮ ᠬᠥᠮᠥᠨ ᠤ ᠬᠦᠴᠦ ᠪᠠᠷ ᠴᠡᠪᠡᠷᠯᠡᠵᠦ ᠪᠠᠶᠢᠭᠰᠠᠨ ᠪᠣᠯᠬᠤᠷ ᠴᠠᠭ ᠪᠠ ᠬᠦᠴᠦ ᠪᠠᠷᠠᠭᠰᠠᠨ ᠢᠶᠠᠷ ᠪᠠᠷᠠᠬᠤ ᠦᠭᠡᠢ᠂ ᠴᠡᠪᠡᠷᠯᠡᠭᠰᠡᠨ ᠦᠷ᠎ᠡ ᠪᠦᠲᠦᠮᠵᠢ ᠨᠢ ᠴᠦ ᠲᠡᠶᠢᠮᠦ ᠰᠠᠶᠢᠨ ᠪᠢᠰᠢ ᠪᠠᠶᠢᠪᠠ᠃       ᠭᠤᠸ ᠢᠦᠢ ᠭᠤᠸᠠᠩ ᠰᠤᠷᠪᠤᠯᠵᠢᠯᠠᠭᠴᠢ ᠳᠤ ᠬᠡᠯᠡᠬᠦ ᠳᠡᠭᠡᠨ᠂ ᠦᠢᠯᠡᠴᠢᠯᠡᠭᠡᠨ ᠤ ᠬᠤᠷᠢᠶ᠎ᠠ ᠶᠢᠨ ᠬᠢᠨ ᠰᠦᠯᠢᠶᠥᠦ ᠪᠦᠷᠬᠦᠭᠦᠯ ᠢᠶᠠᠷ ᠳᠠᠷᠢᠬᠤ ᠵᠠᠭᠪᠤᠷ ᠢ ᠬᠡᠷᠡᠭᠯᠡᠭᠡᠳ ᠨᠢᠭᠡᠨᠲᠡ ᠳᠥᠷᠪᠡ ᠲᠠᠪᠤᠨ ᠵᠢᠯ ᠪᠣᠯᠵᠤ ᠪᠠᠶᠢᠨ᠎ᠠ᠂ ᠡᠬᠢᠯᠡᠬᠦ ᠳᠡᠭᠡᠨ ᠬᠡᠷᠡᠭᠯᠡᠬᠦ ᠶᠢ ᠯᠡ ᠮᠡᠳᠡᠭᠡᠳ ᠬᠤᠷᠢᠶᠠᠨ ᠠᠪᠬᠤ ᠶᠢ ᠮᠡᠳᠡᠬᠦ ᠦᠭᠡᠢ ᠪᠠᠶᠢᠪᠠ᠂ ᠰᠡᠭᠦᠯᠡᠷ ᠨᠢ ᠣᠷᠣᠨ ᠨᠤᠲᠤᠭ ᠤᠨ ᠵᠠᠭᠤᠴᠢᠯᠠᠭᠤᠷ ᠪᠠ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠠᠵᠢᠯᠲᠠᠨ ᠤ ᠤᠬᠠᠭᠤᠯᠭ᠎ᠠ ᠪᠠᠷ ᠳᠡᠮᠵᠢᠨ ᠣᠶᠢᠯᠠᠭᠠᠭᠰᠠᠨ ᠨᠢ᠂ ᠰᠦᠯᠢᠶᠥᠦ ᠪᠦᠷᠬᠦᠭᠦᠯ ᠤᠨ ᠦᠯᠡᠳᠡᠭᠳᠡᠯ ᠨᠢ ᠬᠥᠷᠥᠰᠥ ᠰᠢᠷᠣᠢ ᠶᠢᠨ ᠪᠦᠲᠦᠴᠡ ᠶᠢ ᠡᠪᠳᠡᠵᠦ᠂ ᠦᠷ᠎ᠡ ᠶᠢᠨ ᠰᠣᠶᠣᠭᠠᠯᠠᠬᠤ ᠶᠢ ᠨᠥᠯᠥᠭᠡᠯᠡᠨ᠂ ᠲᠠᠷᠢᠮᠠᠯ ᠤᠨ ᠤᠨᠠᠯᠲᠠ ᠶᠢ ᠪᠠᠭᠤᠷᠠᠭᠤᠯᠵᠤ᠂ ᠰᠦᠯᠢᠶᠥᠦ ᠪᠦᠷᠬᠦᠭᠦᠯ ᠢ ᠬᠤᠷᠢᠶᠠᠨ ᠠᠪᠤᠭᠰᠠᠨ ᠤ ᠳᠠᠷᠠᠭ᠎ᠠ 30 ᠭᠠᠷᠤᠢ ᠮᠦ ᠭᠠᠵᠠᠷ ᠤᠨ ᠤᠨᠠᠯᠲᠠ ᠨᠢ 1000 ᠰᠢᠬᠠᠮ ᠵᠢᠩ ᠨᠡᠮᠡᠭᠳᠡᠭᠰᠡᠨ ᠪᠠᠶᠢᠨ᠎ᠠ᠃    ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠲᠥᠪᠯᠡᠷᠡᠭᠦᠯᠦᠨ ᠬᠤᠷᠢᠶᠠᠭᠰᠠᠨ ᠤ ᠳᠠᠷᠠᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠥᠪᠥᠷ ᠮᠣᠩᠭᠤᠯ ᠤᠨ ᠵᠧᠩ ᠷᠦᠢ ᠬᠠᠮᠢᠶᠠᠷᠤᠯᠲᠠ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠭᠡᠵᠦ ᠳᠠᠬᠢᠨ ᠡᠳ᠋ᠰᠢᠭᠦᠯᠦᠨ᠎ᠡ᠃ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ᠂ ᠡᠯ᠎ᠡ ᠭᠠᠵᠠᠷ ᠠᠴᠠ ᠬᠤᠷᠢᠶᠠᠨ ᠠᠪᠴᠢᠷᠠᠭᠰᠠᠨ ᠰᠦᠯᠢᠶᠥᠦ ᠪᠦᠷᠬᠦᠪᠴᠢ ᠶᠢ ᠣᠪᠣᠭᠠᠯᠠᠵᠤ᠂ ᠰᠦᠯᠢᠶᠥᠦ ᠪᠦᠷᠬᠦᠪᠴᠢ ᠶᠢ ᠬᠡᠮᠬᠡᠯᠦᠨ ᠪᠣᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ ᠢ ᠭᠦᠢᠴᠡᠳ ᠳᠠᠭᠠᠭᠠᠴᠠ ᠲᠠᠢ ᠠᠵᠢᠯᠯᠠᠭᠤᠯᠵᠤ᠂ ᠤᠬᠢᠶᠠᠨ ᠴᠡᠪᠡᠷᠯᠡᠬᠦ᠂ ᠬᠤᠯᠢᠴᠠ ᠶᠢ ᠠᠷᠢᠯᠭᠠᠬᠤ᠂ ᠥᠨᠳᠥᠷ ᠳᠤᠯᠠᠭᠠᠨ ᠳᠤ ᠬᠠᠶᠢᠯᠤᠭᠤᠯᠬᠤ ᠪᠠᠷ ᠳᠠᠮᠵᠢᠨ ᠰᠦᠯᠢᠶᠥᠦ ᠮᠥᠬᠦᠯᠢᠭ ᠪᠣᠯᠭᠠᠨ ᠪᠣᠯᠪᠠᠰᠤᠷᠠᠭᠤᠯᠵᠤ᠂ ᠡᠷᠭᠢᠯᠳᠦᠭᠦᠯᠦᠨ ᠠᠰᠢᠭᠯᠠᠬᠤ ᠶᠢ ᠪᠡᠶᠡᠯᠡᠭᠦᠯᠵᠦ᠂ ᠬᠠᠶᠠᠭᠳᠠᠮᠠᠯ ᠪᠣᠳᠠᠰ ᠢ ᠡᠷᠳᠡᠨᠢ ᠪᠣᠯᠭᠠᠪᠠ᠃    ᠰᠦᠯᠢᠶᠥᠦ ᠪᠦᠷᠬᠦᠪᠴᠢ ᠶᠢᠨ ᠣᠷᠴᠢᠨ ᠲᠣᠭᠤᠷᠢᠨ ᠳᠠᠬᠢ ᠪᠣᠬᠢᠷᠲᠤᠯ ᠢ ᠪᠦᠲᠦᠮᠵᠢᠲᠡᠶ ᠪᠠᠭᠠᠰᠬᠠᠵᠤ᠂ ᠲᠠᠷᠢᠶᠠᠯᠠᠩ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ︽ᠪᠠᠷᠢᠮᠵᠢᠶ᠎ᠠ ᠶᠢ ᠳᠡᠭᠡᠭᠰᠢᠯᠡᠭᠦᠯᠬᠦ᠂ ᠪᠡᠯᠡ ᠮᠥᠩᠭᠦ ᠲᠣᠬᠢᠷᠠᠭᠤᠯᠬᠤ᠂ ᠮᠡᠷᠭᠡᠵᠢᠯ ᠬᠠᠩᠭᠠᠬᠤ᠂ ᠦᠢᠯᠡᠴᠢᠯᠡᠭᠡ ᠬᠦᠷᠭᠡᠬᠦ︾ ᠳᠥᠷᠪᠡᠨ ᠠᠯᠬᠤᠮ ᠢᠶᠠᠷ ᠶᠠᠪᠤᠬᠤ ᠠᠷᠭ᠎ᠠ ᠬᠡᠯᠪᠡᠷᠢ ᠪᠠᠷ ᠥᠨᠳᠥᠷ ᠬᠦᠴᠦᠯᠡᠴᠡ ᠲᠠᠢ ᠰᠦᠯᠢᠶᠥᠦ ᠪᠦᠷᠬᠦᠪᠴᠢ ᠶᠢ ᠵᠤᠵᠠᠭᠠᠷᠠᠭᠤᠯᠬᠤ ᠪᠠ ᠪᠥᠬᠦ ᠠᠮᠢᠳᠤ ᠪᠣᠳᠠᠰ ᠤᠨ ᠵᠠᠳᠠᠷᠠᠭᠤᠯᠤᠨ ᠵᠠᠳᠠᠷᠠᠭᠤᠯᠬᠤ ᠰᠦᠯᠢᠶᠥᠦ ᠪᠦᠷᠬᠦᠪᠴᠢ ᠶᠢᠨ ᠬᠡᠷᠡᠭᠯᠡᠯᠲᠡ ᠶᠢ ᠪᠥᠬᠦ ᠬᠦᠴᠦᠨ ᠢᠶᠠᠷ ᠢᠶᠠᠨ ᠳᠡᠯᠭᠡᠷᠡᠭᠦᠯᠵᠦ᠂ ᠰᠦᠯᠢᠶᠥᠦ ᠪᠦᠷᠬᠦᠪᠴᠢ ᠶᠢᠨ ᠪᠦᠲᠦᠭᠡᠭᠳᠡᠬᠦᠨ ᠢ ᠣᠷᠣᠯᠠᠭᠤᠯᠤᠨ ᠰᠢᠨᠡᠳᠬᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠬᠦ ᠶᠢᠨ ᠤᠯᠠᠮ ᠢᠶᠠᠷ ᠪᠥᠬᠦ ᠬᠤᠰᠢᠭᠤᠨ ᠤ ᠦᠯᠡᠳᠡᠭᠳᠡᠯ ᠪᠦᠷᠬᠦᠪᠴᠢ ᠶᠢᠨ ᠪᠤᠴᠠᠭᠠᠨ ᠬᠤᠷᠢᠶᠠᠬᠤ ᠨᠣᠷᠮ᠎ᠠ ᠶᠢ ᠳᠡᠭᠡᠭᠰᠢᠯᠡᠭᠦᠯᠦᠨ᠎ᠡ᠃    ᠣᠶᠢᠯᠠᠭᠠᠭᠰᠠᠨ ᠢᠶᠠᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠴᠤ ᠡᠳ᠋ᠰᠢᠭᠦᠯᠬᠦ ᠠᠵᠤ ᠠᠬᠤᠶᠢᠯᠠᠯ 1᠂ ᠦᠯᠡᠳᠡᠭᠳᠡᠯ ᠰᠦᠯᠢᠶᠥᠦ ᠪᠦᠷᠬᠦᠪᠴᠢ ᠶᠢ ᠬᠤᠷᠢᠶᠠᠨ ᠠᠪᠴᠤ ᠡᠳ᠋ᠰᠢᠭᠦᠯᠬᠦ ᠲᠣᠣᠷ ᠴᠢᠭ᠋ ᠢ 175 ᠪᠠᠶᠢᠭᠤᠯᠵᠤ᠂ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢᠨ ᠪᠣᠬᠢᠷᠲᠤᠯ ᠢ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠠᠯᠬᠤᠮ ᠠᠯᠬᠤᠮ ᠢᠶᠠᠷ ᠪᠣᠶ ᠪᠣᠯᠭᠠᠵᠤ᠂ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠵᠢᠯ ᠳᠤ 0.1 ᠲᠦᠮᠡᠨ ᠲᠣᠨ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠴᠤ ᠰᠢᠢᠳᠪᠦᠷᠢᠯᠡᠬᠦ ᠶᠢ ᠪᠡᠶᠡᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠪᠣᠬᠢᠷᠲᠤᠯ ᠦᠭᠡᠢ ᠬᠥᠭᠵᠢᠯᠲᠡ ᠶᠢ ᠪᠦᠲᠦᠮᠵᠢᠲᠡᠶ ᠠᠬᠢᠭᠤᠯᠪᠠ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号