ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠬᠤᠶᠠᠳᠤᠭᠠᠷ ᠤᠳᠠᠭ᠎ᠠ ᠶᠢᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠵᠥᠪᠯᠡᠯ ᠤᠨ  ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/7
   5 ᠰᠠᠷ᠎ᠠ ᠶᠢᠨ 6 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠶᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠲᠦᠷᠭᠡᠨ ᠡᠮᠨᠡᠯᠭᠡ ᠶᠢ ᠥᠷᠭᠡᠳᠬᠡᠨ ᠪᠠᠶᠢᠭᠤᠯᠬᠤ ᠪᠠ ᠲᠦᠷᠭᠡᠨ ᠠᠪᠤᠷᠠᠬᠤ ᠮᠠᠰᠢᠨ ᠲᠡᠷᠭᠡᠨ ᠤ ᠬᠥᠮᠥᠷᠭᠡ ᠵᠢᠴᠢ ᠠᠷᠤ ᠲᠠᠯ᠎ᠠ ᠶᠢᠨ ᠦᠢᠯᠡᠴᠢᠯᠡᠭᠡᠨ ᠤ ᠭᠡᠷ ᠢ ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ ᠲᠥᠰᠥᠯ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠧᠩ ᠰᠢᠶᠦ᠋ᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠢᠳᠡᠭᠡᠨ ᠡᠳ᠋ᠰᠢᠭᠦᠯᠵᠦ ᠣᠶᠤᠨᠴᠢ ᠦᠢᠯᠡᠳᠬᠦ ᠵᠢᠱᠢᠶ᠎ᠡ ᠦᠵᠡᠭᠦᠯᠬᠦ ᠲᠦᠷᠦᠯ ᠵᠦᠢᠯ ᠤᠨ ᠲᠥᠰᠥᠯ᠂ ᠥᠪᠥᠷ ᠮᠣᠩᠭᠤᠯ ᠤᠨ ᠾᠧᠩ ᠵᠢᠶᠠ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠰᠥᠯ᠂ ᠤᠯᠤᠰ ᠤᠨ ᠵᠠᠮ ᠤᠨ 302 ᠦᠢᠯᠡᠴᠢᠯᠡᠭᠡᠨ ᠤ ᠲᠣᠭᠤᠷᠢᠭ ᠤᠨ 5 ᠲᠣᠰᠣ ᠨᠡᠮᠡᠬᠦ ᠦᠷᠳᠡᠭᠡ ᠶᠢᠨ ᠲᠦᠷᠦᠯ ᠵᠦᠢᠯ ᠤᠨ ᠭᠠᠵᠠᠷ ᠰᠣᠩᠭᠤᠬᠤ ᠲᠥᠰᠥᠯ ᠢ ᠰᠤᠳᠤᠯᠵᠠᠢ᠃ ᠬᠤᠷᠠᠯ ᠳᠤ ᠣᠷᠣᠯᠴᠠᠭᠰᠠᠳ ᠡᠯ᠎ᠡ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠲᠣᠭᠤᠷᠢᠨ ᠳᠤ ᠵᠦᠢ ᠵᠣᠬᠢᠰᠲᠠᠢ ᠰᠠᠨᠠᠭᠤᠯᠭ᠎ᠠ ᠪᠠ ᠰᠠᠨᠠᠯ ᠳᠤᠷᠠᠳᠪᠠ᠃    ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠢᠮᠠᠭᠲᠠ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠲᠥᠯᠦᠪᠵᠢᠭᠦᠯᠭᠡ ᠵᠢᠷᠤᠭ ᠲᠥᠯᠥᠪᠯᠡᠭᠡ ᠶᠢᠨ ᠲᠥᠰᠥᠯ ᠤᠨ ᠰᠢᠨᠵᠢᠯᠡᠬᠦ ᠤᠬᠠᠭᠠᠨᠴᠢ ᠴᠢᠨᠠᠷ᠂ ᠪᠠᠷᠠᠭᠠᠯᠬᠢᠯᠠᠯᠳᠤ ᠴᠢᠨᠠᠷ ᠪᠣᠯᠣᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠲᠥᠷᠥᠯ ᠵᠦᠢᠯ ᠤᠨ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ᠂ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠳᠥᠭᠦᠮᠴᠢᠯᠡᠨ᠂ ᠭᠦᠢᠴᠡᠳᠬᠡᠬᠦ ᠴᠠᠭ ᠢ ᠪᠣᠭᠤᠨᠢᠰᠬᠠᠵᠤ᠂ ᠡᠯ᠎ᠡ ᠲᠥᠷᠥᠯ ᠤᠨ ᠲᠥᠷᠥᠯ ᠵᠦᠢᠯ ᠢ ᠡᠷᠲᠡᠬᠡᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃    ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠵᠠᠩ ᠵᠢᠶᠦ᠋ᠨ ᠢᠦᠢ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号