ᠴᠠᠷᠠᠰᠤᠨ ᠪᠠᠯᠭᠠᠰᠤᠨ ᠤ ᠪᠠᠳᠠᠭ ᠭᠠᠴᠠᠭ᠎ᠠ ︽ᠬᠥᠳᠡᠭᠡ ᠲᠣᠰᠬᠤᠨ ᠤ ᠬᠦᠰᠡᠯ ᠵᠡᠭᠦᠳᠦ ᠪᠠᠨ ᠲᠡᠷᠭᠡᠯᠰᠢᠭᠦᠯᠬᠦ · ᠮᠠᠨ ᠤ ᠲᠠᠶᠢᠰᠠ︾ ᠮᠠᠯᠴᠢᠨ ᠲᠠᠷᠢᠶᠠᠴᠢᠨ ᠤ ᠤᠷᠠᠨ ᠰᠠᠶᠢᠬᠠᠨ ᠤ ᠲᠣᠭᠯᠠᠯᠲᠠ ᠦᠷᠨᠢᠭᠦᠯᠵᠡᠢ
ᠨᠡᠶᠢᠲᠡᠯᠡᠭᠰᠡᠨ ᠴᠠᠭ᠄
2024/6/11
     ᠥᠷᠭᠡᠨ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠵᠣᠯ ᠵᠢᠷᠭᠠᠯᠲᠤ ᠡᠶ᠎ᠡ ᠵᠣᠬᠢᠴᠠᠩᠭᠤᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ 6 ᠰᠠᠷ᠎ᠠ ᠶᠢᠨ 8  ᠤ ᠡᠳᠦᠷ᠂ ᠴᠠᠷᠠᠰᠤᠨ ᠪᠠᠯᠭᠠᠰᠤ ᠶᠢᠨ ᠪᠠᠳᠠᠭ ᠭᠠᠴᠠᠭ᠎ᠠ ︽ᠬᠦᠰᠡᠯ ᠵᠡᠭᠦᠳᠦ ᠪᠠᠨ ᠲᠡᠷᠭᠡᠯᠰᠢᠭᠦᠯᠬᠦ · ᠮᠠᠨ ᠤ ᠲᠠᠶᠢᠰᠠ︾ ᠭᠡᠬᠦ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠤᠷᠠᠨ ᠰᠠᠶᠢᠬᠠᠨ ᠤ ᠲᠣᠭᠯᠠᠯᠲᠠ ᠥᠷᠨᠢᠭᠦᠯᠪᠡ᠃         ᠬᠦᠷ ᠬᠥᠭᠵᠢᠶᠡᠨ ᠲᠠᠢ ᠠᠭᠤᠳᠠᠮ ᠲᠠᠯᠠᠪᠠᠢ ᠶᠢᠨ ᠪᠥᠵᠢᠭ ᠤᠨ ᠠᠩᠭᠢ᠂ ᠢᠷᠠᠭᠤ ᠰᠠᠶᠢᠬᠠᠨ ᠲᠦᠷᠪᠡᠨ ᠤᠲᠠᠰᠤᠲᠤ ᠬᠤᠭᠤᠷ ᠤᠨ ᠬᠥᠭᠵᠢᠮ᠂ ᠰᠠᠶᠢᠨ ᠰᠠᠶᠢᠬᠠᠨ ᠠᠮᠢᠳᠤᠷᠠᠯ ᠢ ᠮᠠᠭᠲᠠᠨ ᠳᠠᠭᠤᠯᠠᠭᠰᠠᠨ ᠬᠤᠯᠪᠤᠭ᠎ᠠ ᠢ ᠳᠠᠭᠠᠷᠠᠯᠠᠨ ᠲᠣᠭᠯᠠᠵᠤ᠂ ᠲᠣᠭᠯᠠᠭᠴᠢᠳ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯᠣᠨ ᠨᠠᠮ ᠪᠣᠯᠣᠨ ᠡᠬᠡ ᠤᠯᠤᠰ ᠲᠠᠭᠠᠨ ᠬᠠᠮᠤᠭ ᠤᠨ ᠰᠠᠶᠢᠨ ᠰᠠᠶᠢᠬᠠᠨ ᠬᠦᠰᠡᠯ ᠵᠥᠩᠨᠡᠯ ᠢ ᠳᠡᠪᠬᠡᠷᠦᠨ ᠪᠥᠵᠢᠭᠯᠡᠬᠦ ᠳᠦᠷᠢ ᠳᠤ ᠠᠭᠤᠰᠬᠠᠵᠤ᠂ ᠢᠷᠠᠭᠤ ᠰᠠᠶᠢᠬᠠᠨ ᠬᠥᠭᠵᠢᠮ ᠤᠨ ᠠᠶᠠᠰ ᠲᠤ ᠴᠤᠤᠷᠢᠶᠠᠲᠤᠨ᠎ᠠ᠃ ᠬᠡᠳᠦᠶᠢᠪᠡᠷ ᠲᠤᠰᠬᠠᠢ ᠮᠡᠷᠭᠡᠵᠢᠯ ᠤᠨ ᠤᠳᠬ᠎ᠠ ᠤᠷᠠᠯᠢᠭ ᠤᠨ ᠰᠠᠭᠤᠷᠢ ᠦᠭᠡᠢ ᠪᠣᠯᠪᠠᠴᠤ᠂ ᠲᠠᠶᠢᠰᠠᠨ ᠳᠡᠭᠡᠷ᠎ᠡ ᠵᠣᠭᠰᠣᠵᠤ ᠪᠠᠶᠢᠭ᠎ᠠ ᠬᠥᠮᠥᠨ ᠪᠦᠬᠦᠨ ᠴᠥᠮ ᠢᠲᠡᠭᠡᠯ ᠲᠡᠭᠦᠯᠳᠡᠷ ᠢᠶᠠᠷ ᠥᠭᠡᠳᠡᠯᠡᠨ ᠳᠠᠪᠰᠢᠬᠤ ᠭᠡᠷᠡᠯ ᠭᠢᠯᠪᠠᠭ᠎ᠠ ᠪᠠᠨ ᠰᠠᠴᠤᠷᠠᠭᠤᠯᠵᠤ ᠪᠠᠶᠢᠳᠠᠭ᠃ ᠤᠯᠠᠨ ᠢᠶᠠᠷ ᠢᠶᠠᠨ ᠠᠮᠢᠳᠤᠷᠠᠯ ᠠᠴᠠ ᠢᠷᠡᠯᠲᠡ ᠲᠠᠢ ᠤᠷᠠᠯᠢᠭ ᠤᠨ ᠵᠣᠬᠢᠶᠠᠨ ᠪᠦᠲᠦᠭᠡᠯᠭᠡ ᠶᠢ ᠲᠠᠶᠢᠰᠠᠨ ᠳᠤ ᠭᠠᠷᠭᠠᠵᠤ ᠂ ᠴᠠᠷᠠᠰᠤᠨ ᠪᠠᠯᠭᠠᠰᠤᠨ ᠤ ᠠᠷᠠᠳ ᠲᠦᠮᠡᠨ ᠤ ᠪᠦᠯᠬᠦᠮᠳᠡᠨ ᠲᠡᠮᠡᠴᠡᠬᠦ᠂ ᠵᠠᠮ ᠨᠡᠭᠡᠭᠡᠨ ᠰᠢᠨ᠎ᠡ ᠶᠢ ᠡᠭᠦᠳᠬᠦ᠂ ᠵᠣᠷᠢᠭᠲᠠᠢ ᠪᠠᠷ ᠬᠦᠰᠡᠯ ᠵᠡᠭᠦᠳᠦ ᠪᠠᠨ ᠡᠷᠢᠯᠬᠢᠯᠡᠬᠦ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠪᠠᠶᠠᠷ ᠪᠠᠭ᠋ᠠᠳᠤᠯ ᠪᠠ ᠵᠣᠯ ᠵᠢᠷᠭᠠᠯ ᠢ ᠰᠡᠳᠬᠢᠯ ᠬᠥᠳᠡᠯᠭᠡᠮ᠎ᠡ ᠳᠠᠭᠤᠤ ᠬᠥᠭᠵᠢᠮ᠂ ᠪᠠᠶᠠᠷ ᠪᠠᠶᠠᠰᠬᠤᠯᠠᠩᠲᠤ ᠠᠯᠬᠤᠭ᠎ᠠ᠂ ᠭᠤᠶᠢᠳᠠ ᠰᠠᠶᠢᠬᠠᠨ ᠪᠥᠵᠢᠭ ᠤᠨ ᠳᠦᠷᠢ ᠳᠤ ᠠᠭᠤᠰᠬᠠᠵᠤ᠂ ᠴᠠᠷᠠᠰᠤᠨ ᠪᠠᠯᠭᠠᠰᠤᠨ ᠤ ᠰᠣᠶᠣᠯ ᠤᠨ ᠪᠠᠶᠢᠭᠤᠯᠤᠯᠲᠠ ᠶᠢᠨ ᠰᠢᠨ᠎ᠡ ᠠᠮᠵᠢᠯᠲᠠ ᠪᠦᠲᠦᠮᠵᠢ᠂ ᠰᠢᠨ᠎ᠡ ᠳᠦᠷᠰᠦ ᠪᠠᠶᠢᠳᠠᠯ ᠢ ᠪᠦᠬᠦ ᠲᠠᠯ᠎ᠠ ᠪᠠᠷ ᠳᠡᠯᠭᠡᠨ ᠦᠵᠡᠭᠦᠯᠵᠦ᠂ ᠤᠯᠠᠨ ᠳᠤ ᠨᠢᠭᠡ ᠤᠳᠠᠭᠠᠨ ᠤ ᠨᠢᠳᠤ ᠶᠢ ᠪᠠᠶᠠᠰᠬᠠᠬᠤ ᠦᠪᠡᠳᠡᠭᠰᠢ ᠨᠠᠶᠢᠷ ᠢ ᠠᠪᠴᠢᠷᠠᠭᠰᠠᠨ ᠪᠠᠶᠢᠨ᠎ᠠ᠃ ᠭᠤᠶᠢᠳᠠ ᠰᠠᠶᠢᠬᠠᠨ ᠲᠣᠭᠯᠠᠯᠲᠠ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠪᠠ᠃      ᠡᠨᠡ ᠤᠳᠠᠭᠠᠨ ᠤ ᠲᠠᠪᠤᠨ ᠰᠠᠷ᠎ᠠ  ᠶᠢᠨ ᠰᠢᠨ᠎ᠡ  ᠶᠢᠨ ᠲᠠᠪᠤᠨ ᠤ ᠤᠷᠠᠨ ᠰᠠᠶᠢᠬᠠᠨ ᠤ ᠲᠣᠭᠯᠠᠯᠲᠠ ᠨᠢ ᠪᠠᠶᠠᠷ ᠤᠨ ᠡᠳᠦᠷ ᠤᠨ ᠰᠠᠶᠢᠨ ᠰᠠᠶᠢᠬᠠᠨ ᠠᠭᠤᠷ ᠠᠮᠢᠰᠬᠤᠯ  ᠢ ᠪᠤᠶ ᠪᠣᠯᠭᠠᠵᠤ᠂ ᠥᠷᠭᠡᠨ ᠣᠯᠠᠨ ᠲᠦᠮᠡᠨ ᠢ ᠭᠡᠷ ᠠᠴᠠ ᠪᠠᠨ ᠭᠠᠷᠭᠠᠵᠤ᠂ ᠠᠵᠢᠯᠯᠠᠭ᠎ᠠ ᠳᠤ ᠠᠭᠤᠰᠬᠠᠨ᠂ ᠵᠠᠰᠠᠯᠲᠠ ᠳᠤ ᠣᠷᠣᠯᠴᠠᠭᠤᠯᠵᠤ᠂ ᠡᠶ᠎ᠡ ᠵᠣᠬᠢᠴᠠᠯ ᠲᠠᠢ᠂ ᠥᠭᠡᠳᠡᠯᠡᠨ ᠳᠠᠪᠰᠢᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠰᠢᠨ᠎ᠡ ᠬᠡᠪ ᠰᠤᠷᠲᠠᠯ  ᠢ ᠳᠡᠯᠭᠡᠨ ᠦᠵᠡᠭᠦᠯᠵᠡᠢ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号