ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠲᠠ ᠶᠢᠨ ᠳᠤᠮᠳᠠᠬᠢ ᠲᠠᠯ᠎ᠠ ᠨᠤᠲᠤᠭ ᠤᠨ ᠡᠮᠦᠨᠡᠲᠦ ᠬᠤᠰᠢᠭᠤ · ᠬᠠᠶᠢᠳᠢᠶᠠᠨ ᠲᠤᠭᠤᠷᠢᠭ ᠤᠨ ᠰᠥᠨᠢ ᠶᠢᠨ ᠵᠡᠭᠡᠯᠢ ᠵᠢᠩᠬᠢᠨᠢ ᠪᠠᠷ ᠨᠡᠭᠡᠭᠡᠭᠳᠡᠪᠡ
ᠨᠡᠶᠢᠲᠡᠯᠡᠭᠰᠡᠨ ᠴᠠᠭ᠄
2024/6/11
      ︽ᠬᠢᠩᠭᠠᠨ ᠪᠡᠭᠡᠵᠢᠩ ᠤᠨ ᠵᠢᠷᠭᠤᠭᠠᠨ ᠨᠠᠷᠠᠲᠤ ᠲᠡᠮᠳᠡᠭᠲᠦ︾ ︱ ᠬᠢᠩᠭᠠᠨ ᠵᠢᠭᠤᠯᠴᠢᠯᠠᠯ ᠤᠨ ᠨᠠᠷᠠᠲᠤ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠰᠠᠨ ᠬᠢᠩᠭᠠᠨ ᠪᠡᠭᠡᠵᠢᠩ ᠤᠨ ᠰᠥᠨᠢ ᠶᠢᠨ ᠵᠠᠬ᠎ᠠ ᠳᠡᠯᠭᠡᠭᠦᠷ ᠢ ᠪᠣᠶ ᠪᠣᠯᠭᠠᠵᠤ᠂ ᠰᠣᠶᠣᠯ ᠪᠠ ᠵᠢᠭᠤᠯᠴᠢᠯᠠᠯ ᠤᠨ ᠰᠥᠨᠢ ᠶᠢᠨ ᠠᠵᠤ ᠠᠬᠤᠢ ᠶᠢᠨ ᠬᠡᠷᠡᠭᠯᠡᠭᠡ ᠲᠥᠪᠯᠡᠷᠡᠭᠰᠡᠨ ᠣᠷᠣᠨ ᠤ ᠥᠪᠡᠷᠮᠢᠴᠡ ᠷᠢᠳᠢ ᠰᠢᠳᠢ ᠶᠢ ᠦᠵᠡᠭᠦᠯᠬᠦ ᠶᠢᠨ ᠲᠥᠯᠥᠭᠡ᠂ 6 ᠰᠠᠷ᠎ᠠ ᠶᠢᠨ 9 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ  ᠬᠢᠨ ᠬᠤᠲᠠ ᠶᠢᠨ ᠳᠤᠮᠳᠠᠬᠢ ᠲᠠᠯ᠎ᠠ ᠨᠤᠲᠤᠭ ᠤᠨ ᠡᠮᠦᠨᠡᠲᠦ ᠬᠤᠰᠢᠭᠤ · ᠬᠠᠶᠢᠳᠢᠶᠠᠨ ᠲᠤᠭᠤᠷᠢᠭ ᠤᠨ ᠰᠥᠨᠢ ᠶᠢᠨ ᠵᠡᠭᠡᠯᠢ ᠨᠡᠭᠡᠭᠡᠬᠦ ᠶᠣᠰᠣᠯᠠᠯ ᠶᠠᠪᠤᠭᠤᠯᠪᠠ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤ᠋ ᠲᠤᠸ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠳ᠋ᠢᠩ ᠪᠥᠸᠧ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠤᠯᠠᠭᠠᠨ ᠵᠡᠭᠡᠯᠢ ᠨᠡᠭᠡᠭᠡᠬᠦ ᠶᠣᠰᠣᠯᠠᠯ ᠳᠤ ᠣᠷᠣᠯᠴᠠᠪᠠ᠃       ᠨᠠᠷᠠ ᠲᠤᠯᠠᠶᠢᠵᠤ ᠨᠠᠮᠤᠬᠠᠨ ᠰᠠᠯᠬᠢ ᠰᠡᠩᠬᠢᠨᠡᠭᠰᠡᠨ ᠪᠠᠶᠠᠷᠲᠦ ᠰᠠᠶᠢᠬᠠᠨ ᠡᠳᠦᠷ᠂ ︽ᠰᠦᠷᠯᠢᠭ ᠰᠠᠶᠢᠬᠠᠨ ᠥᠪᠥᠷ ᠮᠣᠩᠭᠤᠯ︾ ᠬᠡᠮᠡᠬᠦ ᠠᠶ᠎ᠠ ᠳᠠᠭᠤᠤ ᠶᠢᠨ ᠳᠤᠮᠳᠠ᠂ ᠵᠡᠭᠡᠯᠢ ᠨᠡᠭᠡᠭᠡᠬᠦ ᠶᠣᠰᠣᠯᠠᠯ ᠨᠢ ᠬᠡᠦᠬᠡᠳ ᠤᠨ ᠪᠥᠵᠢᠭ ᠤᠨ ᠠᠯᠬᠤᠭ᠎ᠠ ᠪᠠᠷ ᠬᠥᠰᠢᠭᠡ ᠪᠠᠨ ᠰᠡᠬᠦᠪᠡ᠃ ᠮᠠᠶᠢᠷᠠᠨ ᠬᠠᠮᠲᠤᠯᠢᠭ ᠠᠴᠠ ᠡᠷᠭᠦᠭᠰᠡᠨ ︽ᠪᠢ ᠪᠠᠰᠠ ᠲᠠᠯ᠎ᠠ ᠨᠤᠲᠤᠭ ᠤᠨ ᠬᠡᠦᠬᠡᠳ︾ ᠭᠡᠬᠦ ᠳᠠᠭᠤᠤ ᠨᠢ ᠦᠷᠭᠡᠨ ᠤᠯᠠᠨ ᠦᠵᠡᠭᠴᠢᠳ ᠤᠨ ᠬᠦᠷᠢᠶᠡᠯᠡᠯ ᠢ ᠶᠡᠬᠡᠳᠡ ᠣᠯᠣᠭᠰᠠᠨ ᠪᠠᠶᠢᠨ᠎ᠠ᠃ ᠶᠠᠩ ᠤᠯᠠᠭᠠᠨ ᠮᠠᠶᠢᠷᠠᠨ ᠬᠠᠮᠲᠤᠯᠢᠭ ᠲᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠣᠶᠣᠯ ᠵᠤᠭᠠᠴᠠᠯ ᠢ ᠳᠡᠯᠭᠡᠷᠡᠭᠦᠯᠬᠦ  ᠡᠯᠴᠢ ᠶᠢᠨ ᠤᠷᠢᠯᠭ᠎ᠠ ᠶᠢᠨ ᠪᠢᠴᠢᠭ ᠭᠠᠷᠳᠠᠭᠤᠯᠬᠤ ᠶᠢᠨ ᠬᠠᠮᠲᠤ ᠰᠣᠷᠭᠤᠭ ᠴᠡᠴᠡᠭ ᠬᠦᠷᠭᠡᠪᠡ᠃       ᠶᠤᠸᠠᠢ ᠰᠦᠩ ᠱᠠᠨ ᠬᠤᠳᠠ ᠶᠢᠨ ᠳᠤᠮᠳᠠᠬᠢ ᠲᠠᠯ᠎ᠠ ᠨᠤᠲᠤᠭ ᠤᠨ ᠡᠮᠦᠨᠡᠲᠦ ᠬᠤᠰᠢᠭᠤ · ᠬᠠᠶᠢᠳᠢᠶᠠᠨ ᠲᠤᠭᠤᠷᠢᠭ ᠤᠨ ᠰᠥᠨᠢ ᠶᠢᠨ ᠵᠡᠭᠡᠯᠢ ᠨᠡᠭᠡᠭᠡᠬᠦ ᠶᠣᠰᠣᠯᠠᠯ ᠵᠢᠩᠬᠢᠨᠢ ᠪᠠᠷ ᠨᠡᠭᠡᠭᠡᠭᠳᠡᠭᠰᠡᠨ ᠢ ᠲᠤᠩᠬᠠᠯᠠᠪᠠ᠃      ᠶᠣᠰᠣᠯᠠᠯ ᠲᠡᠭᠦᠰᠦᠭᠰᠡᠨ ᠤ ᠲᠠᠷᠠᠭ᠎ᠠ᠂ ᠰᠦᠨ ᠱᠤ᠋ ᠲᠤᠤ ᠨᠠᠷ ᠬᠤᠳᠠ ᠶᠢᠨ ᠳᠤᠮᠳᠠᠬᠢ ᠲᠠᠯ᠎ᠠ ᠨᠤᠲᠤᠭ ᠤᠨ ᠡᠮᠦᠨᠡᠲᠦ ᠬᠤᠰᠢᠭᠤ · ᠬᠠᠶᠢᠳᠢᠶᠠᠨ ᠲᠤᠭᠤᠷᠢᠭ ᠤᠨ ᠰᠥᠨᠢ ᠶᠢᠨ ᠵᠡᠭᠡᠯᠢ ᠶᠢ ᠲᠣᠭᠤᠷᠢᠨ ᠦᠵᠡᠭᠰᠡᠨ ᠪᠥᠭᠡᠳ ᠥᠪᠡᠷᠮᠢᠴᠡ ᠣᠨᠴᠠᠯᠢᠭ ᠲᠠᠢ ᠠᠮᠲᠠᠲᠤ ᠢᠳᠡᠭᠡᠨ ᠤ ᠦᠵᠡᠭᠦᠯᠦᠯᠭᠡ ᠶᠢᠨ ᠲᠣᠭᠤᠷᠢᠭ ᠲᠤ ᠬᠦᠷᠴᠦ ᠡᠮᠦᠨᠡᠲᠦ ᠬᠤᠰᠢᠭᠤᠨ ᠤ ᠢᠳᠡᠭᠡᠨ ᠤᠮᠳᠠᠭᠠᠨ ᠢ ᠠᠮᠲᠠᠯᠠᠪᠠ᠂ ᠲᠣᠭᠤᠭᠠᠴᠢ ᠨᠠᠷ ᠤᠨ ᠲᠤᠬᠠᠢ ᠶᠢᠨ ᠲᠠᠯᠠᠪᠠᠢ ᠳᠤ ᠬᠢᠭᠰᠡᠨ ᠡᠯᠳᠡᠪ ᠵᠦᠢᠯ ᠤᠨ ᠠᠮᠲᠠᠲᠤ ᠢᠳᠡᠭᠡᠨ ᠨᠢ ᠮᠠᠰᠢ ᠤᠯᠠᠨ ᠵᠤᠭᠠᠴᠠᠭᠰᠠᠳ ᠤᠨ ᠠᠩᠬᠠᠷᠤᠯ ᠢ ᠲᠠᠲᠠᠵᠠᠢ᠃     ᠡᠨᠡ ᠬᠦ ᠰᠥᠨᠢ ᠶᠢᠨ ᠵᠢᠭᠤᠯᠴᠢᠯᠠᠯ᠂ ᠰᠥᠨᠢ ᠶᠢᠨ ᠵᠤᠭ᠎ᠠ ᠴᠡᠩᠭᠡᠯ᠂ ᠰᠥᠨᠢ ᠶᠢᠨ ᠬᠤᠳᠠᠯᠳᠤᠭ᠎ᠠ ᠶᠢ ᠨᠢᠭᠡ ᠴᠣᠭᠴᠠᠵᠢᠭᠤᠯᠤᠭᠰᠠᠨ ᠭᠤᠣᠯ ᠰᠡᠳᠦᠪᠲᠦ ᠴᠡᠴᠡᠷᠯᠢᠭ ᠨᠢ ᠭᠦᠨ ᠵᠤᠵᠠᠭᠠᠨ ᠰᠣᠶᠣᠯ ᠤᠨ ᠣᠨᠴᠠᠯᠢᠭ ᠪᠠ ᠴᠡᠴᠡᠭᠯᠡᠨ ᠬᠥᠭᠵᠢᠭᠰᠡᠨ ᠰᠥᠨᠢ ᠶᠢᠨ ᠠᠵᠤ ᠠᠬᠤᠢ ᠪᠠᠷ ᠢᠶᠠᠨ ᠪᠥᠬᠦ ᠬᠤᠲᠠ ᠶᠢᠨ ︽ᠭᠠᠯ ᠭᠤᠯᠤᠮᠳᠠ︾ ᠢ ᠬᠥᠭᠵᠢᠭᠡᠭᠰᠡᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号