ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2024 ᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠲᠥᠪᠯᠡᠷᠡᠩᠭᠦᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/18
     ᠠᠷᠠᠳ ᠣᠯᠠᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 15 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠤ ᠠᠬᠤᠢ ᠶᠢᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠬᠤᠰᠢᠭᠤᠨ ᠤ ᠮᠥᠩᠭᠦᠨ ᠭᠦᠢᠯᠭᠡᠭᠡᠨ ᠤ ᠠᠯᠪᠠᠨ ᠭᠡᠷ᠂ ᠡᠯ᠎ᠡ ᠪᠠᠩᠬᠢ ᠳᠠᠭᠠᠳᠬᠠᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠨᠢᠭᠡᠴᠡ ᠲᠠᠢ ᠬᠠᠮᠲᠤᠷᠠᠨ ︽ᠵᠣᠭᠤᠰ ᠤᠨ ᠪᠣᠭᠴᠣ ᠪᠠᠨ ᠰᠠᠬᠢᠵᠤ ᠵᠣᠯ ᠵᠢᠷᠭᠠᠯᠲᠤ ᠭᠡᠷ ᠪᠦᠯᠢ ᠪᠠᠨ ᠰᠠᠶᠢᠲᠤᠷ ᠬᠠᠮᠠᠭᠠᠯᠠᠬᠤ︾ ᠭᠤᠣᠯ ᠰᠡᠳᠦᠪᠲᠦ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ ᠨᠢ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠣᠯᠠᠨ ᠲᠦᠮᠡᠨ ᠳᠤ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠶᠠᠯᠠᠲᠤ ᠠᠵᠢᠯᠯᠠᠭ᠎ᠠ ᠶᠢᠨ ᠣᠨᠴᠠᠯᠢᠭ ᠪᠠ ᠬᠤᠣᠷ ᠬᠥᠨᠥᠭᠡᠯ ᠢ ᠲᠠᠨᠢᠯᠴᠠᠭᠤᠯᠵᠤ᠂ ᠨᠠᠰᠤᠲᠠᠶᠢᠴᠤᠳ ᠲᠤ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠦᠶᠯᠡ ᠠᠵᠢᠯᠯᠠᠭ᠎ᠠ ᠶᠢᠨ ᠭᠤᠣᠯ ᠣᠨᠴᠠᠯᠢᠭ᠂ ᠢᠯᠡᠷᠡᠬᠦ ᠬᠡᠯᠪᠡᠷᠢ᠂ ᠪᠠᠶᠢᠩᠭᠤ ᠲᠣᠬᠢᠶᠠᠯᠳᠤᠬᠤ ᠠᠷᠭ᠎ᠠ ᠪᠠᠷᠢᠯ ᠵᠢᠴᠢ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠬᠡᠷᠬᠢᠨ ᠰᠡᠷᠭᠡᠶᠢᠯᠡᠬᠦ ᠲᠤᠬᠠᠢ ᠮᠡᠳᠡᠯᠭᠡ ᠶᠢ ᠭᠤᠣᠯᠳᠠᠯᠭ᠎ᠠ ᠲᠠᠢ ᠤᠬᠠᠭᠤᠯᠵᠤ᠂ ᠣᠯᠠᠨ ᠲᠦᠮᠡᠨ ᠤ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢ ᠦᠨᠡᠨ ᠬᠦ ᠴᠢᠩᠭᠠᠷᠠᠭᠤᠯᠵᠠᠢ᠃      ᠠᠵᠢᠯᠯᠠᠭᠠᠨ ᠤ ᠳᠤᠮᠳᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠤ ᠠᠬᠤᠢ ᠶᠢᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠥᠷᠭᠡᠨ ᠣᠯᠠᠨ ᠬᠤᠲᠠ ᠶᠢᠨ ᠠᠷᠠᠳ ᠨᠠᠶᠢᠵᠠ ᠨᠠᠷ ᠲᠤ ᠬᠠᠯᠠᠭᠤᠨ ᠳᠣᠲᠣᠨᠣ ᠰᠠᠨᠠᠭᠤᠯᠤᠮᠵᠢ ᠥᠭᠪᠡ᠄ ᠲᠡᠭᠷᠢ ᠠᠴᠠ ᠱᠠᠯᠪᠢᠩ ᠤᠨᠠᠬᠤ ᠦᠭᠡᠢ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠪᠣᠯ ᠮᠡᠬᠡᠯᠡᠯ ᠮᠥᠨ᠂ ᠠᠮᠢᠳᠤᠷᠠᠯ ᠳᠤᠮᠳᠠ ᠦᠷᠭᠦᠯᠵᠢ ᠲᠣᠬᠢᠶᠠᠯᠳᠤᠳᠠᠭ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠠᠷᠭ᠎ᠠ ᠪᠠᠷᠢᠯ ᠳᠤ ᠶᠡᠭᠡ ᠬᠡᠮᠵᠢᠶᠡᠨ ᠤ ᠬᠠᠷᠢᠭᠤ ᠥᠭᠬᠦ ᠶᠢ ᠠᠮᠠᠯᠠᠬᠤ᠂ ᠬᠤᠳᠠᠯ ᠬᠠᠭᠤᠷᠮᠠᠭ ᠵᠦᠢᠯᠡᠰ ᠢ ᠵᠣᠬᠢᠶᠠᠬᠤ᠂ ᠲᠦᠷᠦᠯ ᠰᠠᠳᠤᠨ ᠤ ᠬᠠᠶᠢᠷ᠎ᠠ ᠰᠡᠳᠬᠢᠯᠭᠡ ᠪᠠᠷ ᠬᠠᠭᠤᠷᠤᠨ ᠮᠡᠬᠡᠯᠡᠬᠦ ᠵᠡᠷᠭᠡ ᠬᠠᠤᠯᠢ ᠪᠤᠰᠤ ᠠᠷᠭ᠎ᠠ ᠪᠠᠷᠢᠯ ᠲᠠᠢ ᠪᠠᠶᠢᠳᠠᠭ ᠪᠣᠯᠬᠤᠷ ᠡᠷᠬᠡᠪᠰᠢ ᠵᠥᠪ ᠣᠨᠣᠪᠴᠢᠲᠠᠶ ᠡᠳ᠋ ᠤᠨ ᠶᠠᠪᠤᠳᠠᠯ ᠢ ᠬᠠᠮᠢᠶᠠᠷᠬᠤ ᠦᠵᠡᠯᠲᠡ ᠶᠢ ᠪᠤᠢ ᠪᠣᠯᠭᠠᠵᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠮᠡᠭᠡ ᠶᠢ ᠰᠡᠷᠭᠡᠶᠢᠯᠡᠵᠦ᠂ ᠮᠡᠬᠡᠯᠡᠭᠳᠡᠬᠦ ᠠᠴᠠ ᠰᠡᠷᠭᠡᠶᠢᠯᠡᠬᠦ ᠬᠡᠷᠡᠭᠲᠡᠢ ᠭᠡᠵᠦ ᠲᠣᠳᠣᠷᠬᠠᠢ ᠵᠢᠭᠠᠵᠤ ᠭᠠᠷᠭᠠᠭᠰᠠᠨ ᠪᠠᠶᠢᠨ᠎ᠠ᠃ ᠡᠭᠦᠨ ᠳᠤ ᠡᠷᠬᠡᠪᠰᠢ ᠵᠥᠪ ᠣᠨᠣᠪᠴᠢᠲᠠᠶ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠦᠵᠡᠯᠲᠡ ᠶᠢ ᠪᠤᠢ ᠪᠣᠯᠭᠠᠵᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠮᠡᠭᠡ ᠶᠢ ᠰᠡᠷᠭᠡᠶᠢᠯᠡᠵᠦ᠂ ᠮᠡᠬᠡᠯᠡᠭᠳᠡᠬᠦ ᠠᠴᠠ ᠰᠡᠷᠭᠡᠶᠢᠯᠡᠬᠦ ᠬᠡᠷᠡᠭᠲᠡᠢ᠃    ᠲᠣᠰ ᠤᠳᠠᠭᠠᠨ ᠤ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠳᠤ ᠨᠡᠶᠢᠲᠡ 2000 ᠭᠠᠷᠤᠢ ᠳᠡᠪᠲᠡᠷ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ 1000 ᠭᠠᠷᠤᠢ ᠬᠠᠭᠤᠳᠠᠰᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠥᠷᠭᠡᠨ ᠣᠯᠠᠨ ᠲᠦᠮᠡᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠪᠡᠯᠡ ᠣᠷᠣᠭᠤᠯᠵᠤ ᠡᠳ᠋ ᠤᠨ ᠶᠠᠪᠤᠳᠠᠯ ᠢ ᠬᠠᠮᠢᠶᠠᠷᠬᠤ ᠵᠥᠪ ᠦᠵᠡᠯᠲᠡ ᠶᠢ ᠪᠣᠶ ᠪᠣᠯᠭᠠᠵᠤ᠂ ᠬᠠᠤᠯᠢ ᠪᠤᠰᠤ ᠪᠠᠷ ᠪᠡᠯᠡ ᠮᠦᠩᠭᠦ ᠴᠤᠭᠯᠠᠭᠤᠯᠬᠤ ᠳᠠᠯᠳᠠ ᠬᠡᠮ ᠢ ᠡᠬᠢ ᠡᠭᠦᠰᠦᠯ ᠠᠴᠠ ᠨᠢ ᠠᠷᠢᠯᠭᠠᠬᠤ ᠶᠢ ᠰᠠᠨᠠᠭᠠᠴᠢᠯᠠᠪᠠ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号