ᠪᠦᠬᠦ ᠠᠶᠢᠮᠠᠭ ᠤᠨ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠪᠥᠮᠪᠥᠭᠡᠨ ᠤᠷᠤᠯᠳᠤᠭᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/6/18
     6 ᠰᠠᠷ᠎ᠠ ᠶᠢᠨ 17 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠠᠴᠠ ᠭᠤᠣᠯᠯᠠᠨ ᠡᠷᠭᠢᠯᠡᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠠᠴᠠ ᠳᠠᠭᠠᠭᠠᠴᠢᠯᠠᠨ ᠡᠷᠭᠢᠯᠡᠭᠰᠡᠨ ᠪᠥᠬᠦ ᠠᠶᠢᠮᠠᠭ ᠤᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ︽ᠬᠡᠪ ᠴᠢᠨᠠᠷ ᠢ ᠴᠢᠩᠭᠠᠳᠬᠠᠨ᠂ ᠬᠦᠨᠳᠦ ᠡᠭᠦᠷᠭᠡ ᠶᠢ ᠡᠭᠦᠷᠭᠡᠯᠡᠵᠦ᠂ ᠰᠢᠨ᠎ᠡ ᠭᠠᠪᠢᠶ᠎ᠠ ᠪᠠᠶᠢᠭᠤᠯᠬᠤ︾ ᠵᠢᠴᠢ ︽ᠬᠢᠩᠭᠠᠨ ᠬᠤᠨᠳᠠᠭᠠᠲᠤ︾ ᠫᠢᠩᠫᠠᠩ ᠪᠥᠮᠪᠦᠭᠡ ᠂ ᠥᠲᠥᠨ ᠪᠥᠮᠪᠦᠭᠡ᠂ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠲᠤ ᠶᠠᠪᠤᠭᠳᠠᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠹᠧᠩ ᠠᠢ ᠰᠢᠶᠠ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠴᠧᠨ ᠬᠤᠩ ᠪᠥᠸᠧ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤ᠋ ᠲᠤᠸ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠹᠧᠩ ᠠᠢ ᠰᠢᠶᠠ ᠤᠷᠤᠯᠳᠤᠭᠠᠨ ᠡᠬᠢᠯᠡᠭᠰᠡᠨ ᠢ ᠵᠠᠷᠯᠠᠪᠠ᠃ ᠡᠯ᠎ᠡ ᠲᠠᠮᠢᠷᠴᠢᠳ ᠤᠨ ᠲᠥᠯᠥᠭᠡᠯᠡᠭᠴᠢᠳ ᠤᠨ ᠠᠩᠭᠢ ᠲᠡᠷᠢ ᠲᠡᠭᠰᠢ ᠠᠯᠬᠤᠮ ᠢᠶᠠᠷ ᠲᠠᠯᠠᠪᠠᠢ ᠳᠤ ᠣᠷᠣᠵᠤ᠂ ᠲᠤᠬᠠᠢ ᠶᠢᠨ ᠲᠠᠯᠠᠪᠠᠢ ᠳᠤ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠵᠤ᠂ ᠬᠢᠨᠠᠭᠴᠢ ᠶᠢᠨ ᠲᠥᠯᠥᠭᠡᠯᠡᠭᠴᠢ᠂ ᠲᠠᠮᠢᠷᠴᠢᠳ ᠤᠨ ᠲᠥᠯᠥᠭᠡᠯᠡᠭᠴᠢ ᠲᠤᠰ ᠲᠤᠰ ᠲᠠᠩᠭᠠᠷᠢᠭᠯᠠᠪᠠ᠃      ᠤᠷᠤᠯᠳᠤᠭᠠᠨ ᠤ ᠲᠤᠬᠠᠢ ᠶᠢᠨ ᠲᠠᠯᠠᠪᠤᠷ ᠤᠨ ᠠᠭᠤᠷ ᠠᠮᠢᠰᠬᠤᠯ ᠬᠦᠷ ᠬᠥᠭᠵᠢᠶᠡᠨ ᠲᠠᠢ᠂ ᠲᠠᠮᠢᠷᠴᠢᠳ ᠤᠨ ᠲᠡᠮᠡᠴᠡᠯ ᠤᠨ ᠵᠣᠷᠢᠭ ᠪᠠᠳᠠᠷᠠᠩᠭᠤᠢ ᠪᠠᠶᠢᠵᠤ᠂ ᠬᠡᠪ ᠨᠠᠮᠪᠠ ᠪᠠᠨ ᠭᠠᠷᠭᠠᠵᠤ᠂ ᠤᠷᠤᠯᠳᠤᠭᠠᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠤ᠂ ᠨᠥᠬᠦᠷᠯᠡᠯ ᠢᠶᠠᠨ ᠤᠯᠠᠮ ᠨᠢᠭᠡ ᠠᠯᠬᠤᠮ ᠵᠤᠵᠠᠭᠠᠳᠬᠠᠪᠠ᠃ 2 ᠡᠳᠦᠷ ᠬᠠᠭᠠᠰ ᠤᠨ ᠤᠷᠤᠯᠳᠤᠭᠠᠨ ᠳᠤ᠂ 15 ᠲᠥᠯᠥᠭᠡᠯᠡᠭᠴᠢᠳ ᠤᠨ ᠠᠩᠭᠢ ᠶᠢᠨ 350 ᠲᠠᠮᠢᠷᠴᠢᠨ ᠠᠯᠠᠭᠠᠳᠠᠬᠤ ᠪᠥᠮᠪᠦᠭᠡ᠂ ᠥᠳᠥᠨ ᠪᠥᠮᠪᠦᠭᠡ᠂ ᠫᠢᠩᠫᠠᠩ ᠪᠥᠮᠪᠦᠭᠡ ᠵᠡᠷᠭᠡ 4 ᠬᠠᠮᠲᠤ ᠶᠢᠨ ᠤᠷᠤᠯᠳᠤᠭᠠᠨ ᠤ ᠵᠦᠢᠯ᠂ 10 ᠬᠤᠪᠢ ᠬᠥᠮᠥᠨ ᠤ ᠤᠷᠤᠯᠳᠤᠭᠠᠨ ᠤ ᠵᠦᠢᠯ ᠳᠤ ᠣᠷᠣᠯᠴᠠᠬᠤ ᠪᠣᠯᠣᠨ᠎ᠠ᠃     ᠲᠣᠰ ᠤᠳᠠᠭᠠᠨ ᠤ ᠤᠷᠤᠯᠳᠤᠭᠠᠨ ᠳᠤ ᠪᠥᠬᠦ ᠠᠶᠢᠮᠠᠭ ᠤᠨ ᠥᠷᠭᠡᠨ ᠣᠯᠠᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠠᠵᠢᠯ ᠤᠨ ᠴᠢᠯᠦᠭᠡᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠪᠦᠯᠬᠦᠮᠳᠡᠬᠦ᠂ ᠬᠠᠮᠵᠢᠯᠴᠠᠬᠤ᠂ ᠤᠷᠤᠭᠰᠢᠯᠠᠨ ᠳᠠᠪᠰᠢᠬᠤ ᠪᠦᠯᠬᠦᠮ ᠨᠡᠶᠢᠲᠡ ᠶᠢᠨ ᠵᠣᠷᠢᠭ ᠰᠠᠨᠠᠭ᠎ᠠ ᠶᠢ ᠬᠦᠴᠦᠯᠡᠨ ᠪᠣᠶᠢᠵᠢᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠴᠢᠳᠠᠮᠠᠭᠠᠢ ᠠᠵᠢᠯᠯᠠᠬᠤ᠂ ᠲᠡᠷᠢᠭᠦᠨ ᠤ ᠬᠢ ᠶᠢ ᠡᠭᠦᠳᠬᠦ ᠵᠣᠷᠢᠭ ᠰᠠᠨᠠᠭᠠᠨ ᠤ ᠳᠦᠷᠰᠦ ᠪᠠᠶᠢᠳᠠᠯ ᠢ ᠪᠥᠬᠦ ᠲᠠᠯ᠎ᠠ ᠪᠠᠷ ᠢᠯᠡᠷᠡᠭᠦᠯᠪᠡ᠃     ᠠᠶᠢᠮᠠᠭ ᠤᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠴᠧᠨ ᠰᠢᠨ᠂ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶᠠᠨ ᠤ ᠪᠠᠶᠢᠴᠠᠭᠠᠬᠤ ᠳᠠᠷᠤᠭ᠎ᠠ ᠵᠠᠩ ᠬᠤᠩ ᠰᠢᠶᠠ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠨᠡᠶᠢᠭᠡᠮ ᠤᠨ ᠠᠵᠢᠯ ᠤᠨ ᠬᠡᠯᠲᠡᠰ ᠤᠨ ᠳᠠᠷᠤᠭ᠎ᠠ ᠯᠢᠦ ᠴᠢᠤᠸᠠᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠢᠩ ᠪᠥᠸᠧ ᠵᠡᠷᠭᠡ ᠠᠶᠢᠮᠠᠭ ᠬᠤᠰᠢᠭᠤᠨ ᠤ ᠬᠤᠯᠪᠣᠭᠳᠠᠯ ᠪᠦᠬᠦᠢ ᠤᠳᠤᠷᠢᠳᠤᠯᠭ᠎ᠠ ᠨᠠᠷ ᠠᠵᠢᠯᠯᠠᠭ᠎ᠠ ᠳᠤ ᠣᠷᠣᠯᠴᠠᠵᠠᠢ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号