ᠵᠢᠷᠦᠭᠡᠨ ᠪᠠᠯᠭᠠᠰᠤ᠄ ᠬᠠᠷ᠎ᠠ ᠳᠡᠯᠳᠡᠦ  ᠶᠢᠨ ᠠᠵᠤ ᠦᠢᠯᠡᠰ  ᠢ ᠬᠥᠭᠵᠢᠭᠦᠯᠵᠦ ᠣᠷᠣᠯᠭ᠎ᠠ ᠪᠠᠨ ᠨᠡᠮᠡᠭᠳᠡᠭᠦᠯᠬᠦ ᠰᠢᠨ᠎ᠡ ᠣᠷᠣᠨ ᠵᠠᠢ  ᠶᠢ ᠨᠡᠭᠡᠭᠡᠨ᠎ᠡ
ᠨᠡᠶᠢᠲᠡᠯᠡᠭᠰᠡᠨ ᠴᠠᠭ᠄
2024/6/19
     ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠢᠷᠦᠭᠡᠨ ᠪᠠᠯᠭᠠᠰᠤ ᠣᠨᠴᠠᠯᠢᠭᠲᠤ ᠠᠵᠤ ᠦᠢᠯᠡᠰ ᠤᠨ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠲᠠᠷᠢᠶᠠᠴᠢᠨ ᠡᠷᠦᠬᠡ ᠶᠢᠨ ᠬᠦᠷᠢᠶᠡᠨ ᠤ ᠰᠤᠯᠠ ᠪᠠᠶᠢᠬᠤ ᠡᠬᠢ ᠪᠠᠶᠠᠯᠢᠭ ᠢ ᠢᠳᠡᠪᠬᠢᠲᠡᠢ ᠠᠰᠢᠭᠯᠠᠵᠤ᠂ ᠰᠢᠯᠢᠳᠡᠭ ᠬᠠᠷ᠎ᠠ ᠳᠡᠯᠳᠡᠦ ᠶᠢ ᠠᠮᠵᠢᠯᠲᠠ ᠲᠠᠢ ᠪᠠᠷ ᠣᠷᠣᠭᠤᠯᠤᠨ ᠠᠪᠴᠢᠷᠠᠵᠤ ᠪᠣᠶᠢᠵᠢᠭᠤᠯᠤᠭᠠᠳ᠂ ᠲᠤᠬᠠᠢ ᠶᠢᠨ ᠭᠠᠵᠠᠷ ᠲᠤ ᠣᠷᠣᠯᠭ᠎ᠠ ᠪᠠᠨ ᠨᠡᠮᠡᠭᠳᠡᠭᠦᠯᠬᠦ ᠰᠢᠨ᠎ᠡ ᠠᠷᠭ᠎ᠠ ᠵᠠᠮ ᠢ ᠨᠡᠭᠡᠭᠡᠨ ᠥᠭᠴᠦ ᠂ ᠪᠠᠰᠠ ᠣᠷᠣᠨ ᠨᠤᠲᠤᠭ ᠤᠨ ᠠᠵᠤ ᠠᠬᠤᠢ ᠶᠢᠨ ᠨᠡᠮᠡᠭᠳᠡᠯ ᠳᠤ ᠰᠢᠨ᠎ᠡ ᠬᠥᠳᠡᠯᠭᠡᠬᠦ ᠬᠦᠴᠦᠨ ᠢ ᠨᠡᠮᠡᠷᠢᠯᠡᠭᠰᠡᠨ ᠪᠠᠶᠢᠨ᠎ᠠ᠃      ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠢᠷᠦᠭᠡᠨ ᠪᠠᠯᠭᠠᠰᠤᠨ ᠤ ᠬᠤᠩ ᠹᠧᠩ ᠲᠣᠰᠬᠤᠨ ᠤ ᠮᠦᠬᠦ ᠶᠢᠨ ᠰᠠᠭᠤᠷᠢᠨ ᠳᠤ ᠣᠷᠣᠬᠤ ᠳᠤ᠂ ᠮᠥᠷ ᠮᠥᠷ ᠲᠡᠷᠢ ᠲᠡᠭᠰᠢ ᠮᠦᠬᠦ ᠶᠢᠨ ᠡᠰᠢ ᠤᠳ ᠨᠢᠳᠦᠨ ᠳᠤ ᠲᠣᠳᠣᠷᠠᠨ᠎ᠠ᠃ ᠰᠠᠭᠤᠷᠢᠨ ᠭᠠᠵᠠᠷ ᠤᠨ ᠬᠠᠷᠢᠭᠤᠴᠠᠯᠭᠠᠲᠠᠨ ᠵᠠᠩ ᠹᠦ᠋ ᠴᠢᠤᠸᠠᠨ ᠲᠠᠷᠢᠶᠠᠴᠢᠨ ᠡᠷᠦᠬᠡ ᠲᠠᠢ ᠮᠦᠬᠦ ᠶᠢᠨ ᠡᠰᠢ ᠤᠨ ᠬᠤᠭᠤᠷᠣᠨᠳᠤ ᠰᠦᠯᠵᠢᠯᠳᠦᠵᠦ᠂ ᠬᠥᠷᠥᠰᠥ ᠰᠢᠷᠣᠢ ᠶᠢ ᠰᠡᠶᠢᠷᠡᠭᠵᠢᠭᠦᠯᠬᠦ᠂ ᠤᠰᠤᠯᠠᠬᠤ᠂ ᠳᠤᠲᠠᠭᠤ ᠲᠤᠷᠭᠤᠨ ᠮᠦᠬᠦ ᠶᠢᠨ ᠡᠰᠢ ᠶᠢ ᠰᠢᠭᠰᠢᠨ ᠰᠣᠩᠭᠤᠬᠤ ᠠᠵᠢᠯ ᠢ ᠶᠠᠭᠠᠷᠠᠯᠲᠠᠢ ᠬᠢᠵᠤ ᠪᠠᠶᠢᠵᠠᠢ᠃     ᠵᠠᠩ ᠹᠦ᠋ ᠴᠢᠤᠸᠠᠨ᠄ ︽ᠡᠨᠡ ᠵᠢᠯ ᠵᠠᠯᠠᠶᠢᠳ ᠬᠤᠰᠢᠭᠤᠨ ᠠᠴᠠ 4 ᠲᠦᠮᠡᠨ ᠬᠠᠷ᠎ᠠ ᠳᠡᠯᠳᠡᠦ ᠶᠢ ᠣᠷᠣᠭᠤᠯᠤᠨ ᠠᠪᠴᠢᠷᠠᠵᠤ᠂ ᠲᠣᠰᠬᠤᠨ ᠤ ᠬᠢᠨ 8500 ᠮᠣᠳᠣ ᠳᠠᠷᠢᠵᠠᠢ᠂ ᠣᠳᠣᠬᠠᠨ ᠳᠤ ᠤᠷᠭᠤᠴᠠ ᠶᠢᠨ ᠪᠠᠶᠢᠳᠠᠯ ᠮᠠᠰᠢ ᠰᠠᠶᠢᠨ ᠪᠠᠶᠢᠨ᠎ᠠ᠂ ᠲᠠᠬᠢᠭᠠᠳ 20 ᠡᠳᠦᠷ ᠰᠢᠬᠠᠮ ᠪᠣᠯᠪᠠᠯ ᠬᠠᠰᠢᠶᠠᠨ ᠠᠴᠠ ᠪᠠᠨ ᠰᠠᠯᠵᠤ ᠪᠣᠯᠣᠨ᠎ᠠ᠂ ᠢᠷᠡᠬᠦ ᠵᠢᠯ ᠳᠤ ᠪᠦᠬᠦ ᠲᠣᠰᠬᠤᠨ ᠢᠶᠠᠷ ᠢᠶᠠᠨ ᠬᠠᠷ᠎ᠠ ᠳᠡᠯᠳᠡᠦ ᠶᠢᠨ ᠲᠠᠷᠢᠮᠠᠯ ᠢ ᠠᠬᠢᠭᠤᠯᠵᠤ᠂ ᠠᠷᠠᠳ ᠤᠯᠠᠨ ᠤ ᠣᠷᠣᠯᠭ᠎ᠠ ᠶᠢ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ︾ ᠭᠡᠵᠦ ᠬᠡᠯᠡᠪᠡ᠃      ᠡᠨᠡ ᠵᠢᠯ᠂ ᠵᠢᠷᠦᠭᠡᠨ ᠪᠠᠯᠭᠠᠰᠤ ᠶᠢᠨ ᠬᠤᠩ ᠹᠧᠩ ᠲᠣᠰᠬᠤᠨ ᠤ ᠬᠢᠨ ᠪᠦᠬᠦ ᠲᠣᠰᠬᠤᠨ ᠤ ᠭᠠᠵᠠᠷ ᠰᠢᠷᠣᠢ ᠶᠢ ᠬᠤᠷᠰᠢᠶ᠎ᠠ ᠳᠤ ᠰᠢᠯᠵᠢᠭᠦᠯᠦᠨ ᠨᠢᠭᠡᠳᠦᠯᠲᠡᠢ ᠡᠵᠡᠩᠨᠡᠬᠦ ᠶᠢ ᠪᠡᠶᠡᠯᠡᠭᠦᠯᠵᠦ᠂ ᠰᠤᠯᠠ ᠪᠠᠶᠢᠭ᠎ᠠ ᠬᠥᠮᠥᠨ ᠤ ᠬᠦᠴᠦᠨ ᠤ ᠡᠬᠢ ᠪᠠᠶᠠᠯᠢᠭ ᠢ ᠭᠦᠢᠴᠡᠳ ᠠᠰᠢᠭᠯᠠᠬᠤ ᠶᠢᠨ ᠲᠥᠯᠥᠭᠡ᠂ ᠲᠣᠰᠬᠤᠨ ᠤ ᠠᠷᠠᠳ ᠤᠨ ᠵᠥᠪᠯᠡᠯ ᠠᠴᠠ ᠲᠤᠰᠬᠠᠢ ᠵᠠᠷᠤᠳᠠᠯ ᠣᠷᠣᠭᠤᠯᠵᠤ ᠰᠤᠯᠠ ᠪᠠᠶᠢᠭ᠎ᠠ ᠭᠠᠵᠠᠷ ᠳᠡᠭᠡᠷ᠎ᠡ ᠮᠦᠬᠦ ᠶᠢᠨ ᠡᠰᠢ ᠲᠠᠷᠢᠬᠤ ᠶᠢ ᠥᠷᠨᠢᠭᠦᠯᠬᠦ ᠶᠢᠨ ᠬᠠᠮᠲᠤ᠂ 5 ᠡᠷᠦᠬᠡ ᠲᠣᠰᠬᠤᠨ ᠤ ᠠᠷᠠᠳ ᠢ ᠬᠥᠲᠥᠯᠥᠨ ᠵᠢᠯᠤᠭᠤᠳᠴᠤ ᠥᠪᠡᠷ ᠤᠨ ᠬᠦᠷᠢᠶᠡᠨ ᠳᠡᠭᠡᠨ ᠮᠦᠬᠦ ᠶᠢᠨ ᠡᠰᠢ ᠲᠠᠷᠢᠬᠤ ᠶᠢ ᠲᠤᠷᠰᠢᠪᠠ᠃  ︽ᠡᠨᠡ ᠵᠢᠯ ᠮᠠᠨ ᠤ ᠭᠡᠷ ᠲᠤ 8000 ᠮᠣᠳᠣᠨ ᠳᠡᠯᠳᠡᠦ ᠳᠠᠷᠢᠵᠠᠢ᠂ ᠡᠭᠦᠨ  ᠢ ᠴᠥᠮ ᠮᠡᠷᠭᠡᠵᠢᠯ ᠤᠨ ᠠᠵᠢᠯᠲᠠᠳ ᠬᠠᠪᠰᠤᠷᠴᠤ ᠬᠢᠭᠰᠡᠨ ᠶᠤᠮ᠂ ᠣᠳᠣ ᠳᠡᠯᠳᠡᠦ ᠶᠢᠨ ᠤᠷᠭᠤᠴᠠ ᠮᠠᠰᠢ ᠰᠠᠶᠢᠨ ᠪᠠᠶᠢᠨ᠎ᠠ᠂ ᠡᠨᠡ ᠵᠢᠯ ᠤᠨ ᠣᠷᠣᠯᠭ᠎ᠠ ᠯᠠᠪᠲᠠᠢ ᠨᠡᠮᠡᠭᠳᠡᠬᠦ ᠪᠣᠯᠣᠨ᠎ᠠ᠂ ᠮᠠᠨ ᠤ ᠳᠡᠯᠳᠡᠦ ᠶᠢᠨ ᠪᠣᠷᠣᠯᠠᠭᠤᠯᠤᠯᠲᠠ ᠶᠢᠨ ᠵᠠᠮ ᠳᠤ ᠵᠣᠪᠠᠭ᠋ᠤ ᠤᠴᠢᠷ ᠦᠭᠡᠢ︾᠃ ᠲᠣᠰᠬᠤᠨ ᠤ ᠠᠷᠠᠳ ᠶᠠᠩ ᠮᠢᠨ ᠡᠭᠦᠳᠡᠨ ᠡᠮᠦᠨ᠎ᠡ ᠪᠠᠨ ᠳᠠᠷᠢᠭᠰᠠᠨ ᠮᠦᠬᠦ ᠶᠢᠨ ᠡᠰᠢ ᠢᠶᠠᠨ ᠬᠠᠷᠠᠵᠤ᠂ ᠳᠠᠷᠠᠭᠠᠴᠢ ᠶᠢᠨ ᠠᠰᠢᠭ ᠣᠷᠣᠯᠭ᠎ᠠ ᠳᠤ ᠢᠲᠡᠭᠡᠯ ᠳᠦᠭᠦᠷᠡᠩ ᠪᠠᠶᠢᠯ᠎ᠠ᠃      ᠣᠶᠢᠯᠠᠭᠠᠭᠰᠠᠨ ᠢᠶᠠᠷ᠂ ᠵᠢᠷᠦᠭᠡᠨ ᠪᠠᠯᠭᠠᠰᠤᠨ ᠤ ᠬᠤᠩ ᠹᠧᠩ ᠲᠣᠰᠬᠤᠨ ᠤ ᠣᠷᠣᠭᠤᠯᠤᠭᠰᠠᠨ ᠬᠠᠷ᠎ᠠ ᠳᠡᠯᠳᠡᠦ ᠶᠢᠨ ᠬᠤᠭᠤᠴᠠᠭ᠎ᠠ ᠨᠢ ᠣᠬᠤᠷ᠂ ᠠᠶᠤᠯ ᠲᠦᠭᠰᠢᠭᠦᠷᠢ ᠨᠢ ᠳᠣᠣᠷ᠎ᠠ᠂ ᠦᠷ᠎ᠡ ᠠᠰᠢᠭ ᠨᠢ ᠲᠦᠷᠭᠡᠨ ᠵᠡᠷᠭᠡ ᠳᠠᠪᠠᠭᠤᠯᠢᠭ ᠲᠠᠯ᠎ᠠ ᠲᠠᠢ ᠪᠠᠶᠢᠵᠤ᠂ ᠠᠵᠤ ᠠᠬᠤᠢ ᠶᠢᠨ ᠦᠷ᠎ᠡ ᠠᠰᠢᠭ ᠨᠢ ᠢᠯᠡᠳᠲᠡ ᠪᠠᠶᠢᠵᠤ᠂ ᠵᠢᠱᠢᠯᠲᠡ ᠪᠠᠷ ᠬᠥᠮᠥᠨ ᠤ ᠬᠦᠴᠦᠨ ᠤ ᠥᠪᠡᠷ ᠤᠨ ᠥᠷᠲᠡᠭ ᠢ ᠬᠠᠰᠤᠭᠰᠠᠨ ᠤ ᠳᠠᠷᠠᠭ᠎ᠠ᠂ ᠲᠣᠰᠬᠤᠨ ᠤ ᠠᠷᠠᠳ ᠤᠨ ᠬᠥᠮᠥᠨ ᠳᠤᠮᠳᠠᠴᠢ ᠶᠢᠨ ᠣᠷᠣᠯᠭ᠎ᠠ ᠨᠢ 3000 ᠲᠥᠭᠦᠷᠢᠭ ᠨᠡᠮᠡᠭᠳᠡᠬᠦ ᠪᠣᠯᠣᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号