ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠢᠳᠡᠰᠢᠨ ᠨᠣᠭᠤᠭ᠎ᠠ ᠶᠢᠨ ᠪᠣᠬᠢᠷᠲᠤᠯ ᠦᠭᠡᠢ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠲᠠᠷᠢᠵᠤ ᠪᠣᠶᠢᠵᠢᠭᠤᠯᠬᠤ ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/6/19
     ᠢᠳᠡᠰᠢᠨ ᠨᠣᠭᠤᠭ᠎ᠠ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠤᠲᠠ ᠶᠢᠨ ᠲᠡᠭᠦᠷᠭᠡ ᠶᠢᠨ ᠥᠨᠳᠥᠷ ᠦᠷ᠎ᠡ ᠠᠰᠢᠭᠲᠤ ᠠᠵᠤ ᠠᠬᠤᠢ ᠶᠢᠨ ᠲᠣᠭᠤᠷᠢᠭ ᠢ ᠪᠠᠶᠢᠭᠤᠯᠬᠤ ᠶᠢᠨ ᠲᠥᠯᠥᠭᠡ᠂ 6 ᠰᠠᠷ᠎ᠠ ᠶᠢᠨ 15 ᠤ ᠡᠳᠦᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠢᠳᠡᠰᠢᠨ ᠨᠣᠭᠤᠭ᠎ᠠ ᠶᠢᠨ ᠪᠣᠬᠢᠷᠲᠤᠯ ᠦᠭᠡᠢ ᠥᠨᠳᠥᠷ ᠤᠨᠠᠯᠲᠠ ᠲᠠᠢ ᠥᠨᠳᠥᠷ ᠦᠷ᠎ᠡ ᠠᠰᠢᠭᠲᠤ ᠳᠠᠷᠢᠵᠤ ᠪᠣᠶᠢᠵᠢᠭᠤᠯᠬᠤ ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠭᠢᠯᠡᠪᠡ᠃ ᠡᠯ᠎ᠡ ᠰᠤᠮᠤ ᠰᠢᠶᠠᠩ ᠪᠠᠯᠭᠠᠰᠤ ᠶᠢᠨ ᠪᠡᠯᠡᠳᠭᠡᠮᠵᠢᠳᠤ ᠲᠠᠷᠢᠶᠠᠯᠠᠩ ᠤᠨ ᠲᠣᠮᠣ ᠡᠷᠦᠬᠡ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠨ 50 ᠭᠠᠷᠤᠢ ᠬᠥᠮᠥᠨ ᠪᠣᠯᠪᠠᠰᠤᠷᠠᠭᠤᠯᠤᠯ ᠳᠤ ᠣᠷᠣᠯᠴᠠᠵᠠᠢ᠃     ᠲᠤᠰ ᠤᠳᠠᠭᠠᠨ ᠤ ᠪᠣᠯᠪᠠᠰᠤᠷᠠᠯ ᠢ ︽ᠲᠥᠪᠯᠡᠷᠡᠭᠦᠯᠦᠨ ᠣᠨᠣᠯ ᠢᠶᠠᠷ ᠬᠢᠴᠢᠶᠡᠯᠯᠡᠬᠦ + ᠲᠣᠮᠣ ᠫᠧᠩ ᠢᠶᠠᠷ ᠵᠢᠭᠠᠨ ᠰᠤᠷᠭᠠᠬᠤ︾ ᠠᠷᠭ᠎ᠠ ᠪᠠᠷ ᠶᠠᠪᠤᠭᠳᠠᠭᠤᠯᠵᠤ᠂ ᠪᠣᠯᠪᠠᠰᠤᠷᠠᠯ ᠤᠨ ᠠᠩᠭᠢ ᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠳᠡᠰᠢᠨ ᠨᠣᠭᠤᠭ᠎ᠠ ᠴᠡᠴᠡᠭ ᠡᠪᠡᠰᠦ ᠰᠤᠳᠤᠯᠬᠤ ᠭᠠᠵᠠᠷ ᠤᠨ ᠲᠤᠰᠬᠠᠢ ᠮᠡᠷᠭᠡᠵᠢᠯᠲᠡᠨ ᠵᠢᠴᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠪ ᠤᠨ ᠲᠠᠷᠢᠶᠠᠯᠠᠩ ᠤᠨ ᠮᠡᠷᠭᠡᠵᠢᠯᠲᠡᠨ ᠢ ᠤᠷᠢᠨ ᠬᠢᠴᠢᠶᠡᠯ ᠣᠷᠣᠭᠤᠯᠵᠤ᠂ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠵᠠᠩᠭᠢᠯᠠᠭ᠎ᠠ ᠶᠢᠨ ᠳᠠᠷᠢᠵᠤ ᠪᠣᠶᠢᠵᠢᠭᠤᠯᠬᠤ ᠮᠡᠷᠭᠡᠵᠢᠯ ᠵᠢᠴᠢ ᠬᠥᠷᠥᠰᠥ ᠰᠢᠷᠣᠢ ᠶᠢ ᠠᠷᠢᠭᠤᠳᠬᠠᠬᠤ᠂ ᠲᠣᠭᠤᠰᠣ ᠬᠦᠷᠲᠡᠭᠡᠬᠦ ᠮᠡᠷᠭᠡᠵᠢᠯ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠬᠡᠢ ᠪᠡᠶᠡᠲᠦ ᠪᠣᠷᠳᠣᠭᠤᠷ ᠬᠡᠷᠡᠭᠯᠡᠬᠦ ᠵᠡᠷᠭᠡ ᠲᠠᠯ᠎ᠠ ᠪᠠᠷ ᠲᠣᠰ ᠲᠣᠰ ᠬᠢᠴᠢᠶᠡᠯ ᠵᠢᠭᠠᠪᠠ᠃     ᠳᠠᠬᠢᠨ ᠬᠠᠭᠠᠯᠪᠤᠷᠢᠯᠠᠬᠤ᠂ ᠳᠠᠷᠢᠬᠤ᠂ ᠰᠢᠷᠣᠢ ᠬᠥᠷᠪᠡᠭᠦᠯᠬᠦ ᠵᠡᠷᠭᠡ ᠲᠤᠰᠬᠠᠢ ᠮᠡᠷᠭᠡᠵᠢᠯᠲᠡᠨ ᠤ ᠵᠢᠯᠣᠭᠤᠳᠤᠯᠭ᠎ᠠ ᠳᠣᠣᠷ᠎ᠠ᠂ ᠰᠤᠷᠤᠭᠴᠢᠳ ᠨᠢᠭᠡ ᠲᠠᠯ᠎ᠠ ᠪᠠᠷ ᠬᠥᠳᠡᠯᠮᠦᠷᠢᠯᠡᠵᠦ᠂ ᠨᠥᠭᠦᠭᠡ ᠲᠠᠯ᠎ᠠ ᠪᠠᠷ ᠲᠠᠶᠢᠯᠤᠮᠵᠢ ᠰᠣᠨᠣᠰᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠳᠠᠷᠢᠬᠤ ᠲᠤᠷᠰᠢᠯᠭ᠎ᠠ ᠪᠠᠨ ᠬᠤᠪᠢᠶᠠᠯᠴᠠᠵᠤ᠂ ᠬᠠᠷᠢᠯᠴᠠᠨ ᠰᠤᠷᠤᠯᠴᠠᠵᠤ ᠰᠣᠯᠢᠯᠴᠠᠪᠠ᠃      ︽ᠡᠨᠡ ᠤᠳᠠᠭᠠᠨ ᠤ ᠪᠣᠯᠪᠠᠰᠤᠷᠠᠯ ᠤᠨ ᠠᠩᠭᠢ ᠳᠤ ᠣᠷᠣᠯᠴᠠᠭᠠᠳ ᠮᠠᠰᠢ ᠣᠯᠠᠨ ᠮᠡᠳᠡᠯᠭᠡ ᠰᠤᠷᠴᠠᠢ᠂ ᠲᠤᠰᠬᠠᠢ ᠮᠡᠷᠭᠡᠵᠢᠯᠲᠡᠨ ᠤ ᠶᠠᠷᠢᠭᠰᠠᠨ ᠨᠢ ᠪᠦᠷ ᠬᠡᠷᠡᠭᠯᠡᠭᠡᠨ ᠤ ᠮᠡᠷᠭᠡᠵᠢᠯ ᠪᠣᠯᠬᠤᠷ ᠪᠢᠳᠡᠨ ᠳᠤ ᠮᠠᠰᠢ ᠶᠡᠭᠡ ᠬᠠᠪᠰᠤᠷᠤᠯᠭ᠎ᠠ ᠦᠵᠡᠭᠦᠯᠵᠡᠢ︾᠃ ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠶᠤᠸᠠᠨ ᠹᠦ᠋ ᠬᠠᠢ ᠲᠠᠷᠢᠮᠠᠯ ᠤᠨ ᠲᠤᠰᠬᠠᠢ ᠬᠤᠷᠰᠢᠶ᠎ᠠ ᠶᠢᠨ ᠬᠠᠤᠯᠢ ᠶᠢᠨ ᠡᠷᠬᠡᠲᠡᠨ ᠶᠤᠸᠠᠨ ᠹᠦ᠋ ᠬᠠᠢ ᠬᠡᠯᠡᠪᠡ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号