ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/21
     6 ᠰᠠᠷ᠎ᠠ ᠶᠢᠨ 19 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠢ ᠲᠤᠤ ᠬᠤᠷᠠᠯ ᠳᠤ ᠣᠷᠣᠯᠴᠠᠵᠤ ᠬᠤᠷᠠᠯ ᠡᠷᠭᠢᠯᠠᠪᠠ᠃      ᠬᠤᠷᠠᠯ  ᠠᠴᠠ᠂ ᠪᠥᠬᠦ ᠬᠤᠰᠢᠭᠤᠨ ᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠪᠥᠬᠦ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠪᠥᠬᠦ ᠬᠤᠰᠢᠭᠤᠨ ᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠲᠦᠯᠬᠢᠨ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃  ᠬᠤᠷᠠᠯ ᠳᠡᠭᠡᠷ᠎ᠡ᠂ ᠯᠢᠦ ᠬᠠᠢ ᠲᠤᠤ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠡᠶᠡᠴᠢ ᠴᠣᠭᠴᠠ  ᠶᠢᠨ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠣᠳᠣᠬᠠᠨ ᠤ ᠲᠡᠷᠢᠭᠦᠨ ᠴᠢᠬᠤᠯᠠ ᠶᠡᠭᠡ ᠶᠠᠪᠤᠳᠠᠯ ᠪᠣᠯᠭᠠᠨ ᠴᠢᠩᠭ᠎ᠠ ᠠᠳᠬᠤᠵᠤ᠂ ᠬᠤᠰᠢᠭᠤ᠂ ᠰᠢᠶᠠᠩ᠂ ᠲᠣᠪᠴᠢᠶ᠎ᠠ ᠶᠢᠨ ᠨᠡᠶᠢᠯᠡᠮᠡᠯ ᠬᠦᠴᠦᠨ ᠢ ᠦᠨᠡᠨᠬᠦ ᠪᠤᠶ ᠪᠣᠯᠭᠠᠬᠤ ᠬᠡᠷᠡᠭᠲᠡᠢ᠃ ᠬᠤᠰᠢᠭᠤᠨ ᠲᠠᠰ ᠤᠨ ᠤᠳᠤᠷᠢᠳᠤᠯᠭ᠎ᠠ ᠪᠡᠶ᠎ᠡ ᠪᠠᠷ ᠢᠶᠠᠨ ᠭᠠᠷᠳᠠᠵᠤ᠂ ᠴᠢᠭᠯᠡᠯ ᠢ ᠰᠤᠳᠤᠯᠤᠨ ᠮᠠᠭᠠᠳᠯᠠᠵᠤ᠂ ᠨᠢᠭᠡ ᠨᠢᠭᠡ ᠪᠠᠷ ᠲᠣᠬᠢᠷᠠᠭᠤᠯᠤᠨ᠂ ᠨᠢᠭᠡ ᠨᠢᠭᠡ ᠪᠠᠷ ᠪᠠᠯᠠᠯᠵᠤ᠂ ᠳᠣᠲᠣᠷ᠎ᠠ ᠪᠠᠨ ᠲᠤᠭ᠎ᠠ ᠲᠠᠢ ᠪᠠᠶᠢᠬᠤ ᠬᠡᠷᠡᠭᠲᠡᠢ︔ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠴᠡᠭᠴᠡᠯᠡᠨ ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠢᠶᠠᠨ ᠴᠢᠩᠭ᠎ᠠ ᠠᠩᠬᠠᠷᠴᠤ᠂ ᠨᠢᠭᠡ ᠨᠢᠭᠡ ᠪᠠᠷ ᠲᠠᠨᠢᠵᠤ᠂ ᠨᠢᠭᠡ ᠨᠢᠭᠡ ᠪᠠᠷ ᠰᠤᠳᠤᠯᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ︔ ᠬᠠᠳᠠᠭᠠᠯᠠᠯᠲᠠ ᠶᠢᠨ ᠬᠡᠮᠵᠢᠶ᠎ᠡ ᠶᠢ ᠰᠢᠩᠭᠡᠭᠡᠵᠦ᠂ ᠨᠡᠮᠡᠭᠳᠡᠯ ᠤᠨ ᠬᠡᠮᠵᠢᠶ᠎ᠡ ᠶᠢᠨ ᠡᠭᠦᠰᠬᠦ ᠶᠢ ᠴᠢᠩᠭ᠎ᠠ ᠬᠢᠵᠠᠭᠠᠷᠯᠠᠵᠤ᠂ ᠪᠣᠭᠤᠮᠲᠠ ᠶᠢ ᠤᠷᠤᠭᠰᠢ ᠰᠢᠯᠵᠢᠭᠦᠯᠬᠦ ᠪᠠ ᠭᠤᠣᠯᠳᠠᠯᠭ᠎ᠠ ᠶᠢ ᠳᠣᠷᠣᠭᠰᠢ ᠰᠢᠯᠵᠢᠭᠦᠯᠬᠦ ᠶᠢ ᠪᠠᠷᠢᠮᠲᠠᠯᠠᠵᠤ᠂ ᠠᠰᠠᠭᠤᠳᠠᠯ ᠭᠠᠷᠪᠠᠯ ᠳᠠᠷᠤᠢ ᠰᠢᠢᠳᠪᠦᠷᠢᠯᠡᠬᠦ ᠬᠡᠷᠡᠭᠲᠡᠢ︔ ᠡᠭᠦᠨ ᠤ ᠬᠠᠮᠲᠤ᠂ ᠨᠡᠶᠢᠲᠡᠯᠢᠭ ᠮᠠᠲ᠋ᠧᠷᠢᠶᠠᠯ ᠢ ᠪᠣᠯᠪᠠᠰᠤᠷᠠᠭᠤᠯᠤᠨ ᠳᠡᠭᠡᠭᠰᠢᠯᠡᠭᠦᠯᠵᠦ᠂ ᠬᠡᠷᠡᠭ ᠢᠶᠠᠷ ᠥᠭᠡᠷᠡᠴᠢᠯᠡᠬᠦ ᠶᠢ ᠠᠬᠢᠭᠤᠯᠬᠤ᠂ ᠬᠡᠷᠡᠭ ᠢᠶᠠᠷ ᠵᠠᠰᠠᠬᠤ ᠶᠢ ᠠᠬᠢᠭᠤᠯᠬᠤ᠂ ᠬᠡᠷᠡᠭ ᠢᠶᠠᠷ ᠪᠠᠶᠢᠭᠤᠯᠤᠯᠲᠠ ᠶᠢ ᠠᠬᠢᠭᠤᠯᠬᠤ ᠶᠢ ᠪᠡᠶᠡᠯᠡᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ᠃     ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠬᠤᠸᠠᠩ ᠮᠠᠨ ᠯᠢᠶᠠᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠵᠢᠶᠦ᠋ᠨ ᠢᠦᠢ ᠵᠢᠴᠢ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠠᠢ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号