ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/22
     6 ᠰᠠᠷ᠎ᠠ ᠶᠢᠨ 20 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠯᠭ᠎ᠠ ᠶᠢᠨ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ ᠶᠢ ᠰᠤᠳᠤᠯᠤᠨ ᠶᠠᠷᠢᠯᠴᠠᠪᠠ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ ᠬᠤᠷᠠᠯ ᠡᠷᠭᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠢᠩ ᠪᠥᠸᠧ ᠵᠢᠴᠢ ᠪᠤᠰᠤᠳ ᠣᠨᠣᠯ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠪᠦᠷᠢᠯᠳᠦᠭᠦᠨ ᠬᠤᠷᠠᠯ ᠳᠤ ᠣᠷᠣᠯᠴᠠᠵᠠᠢ᠃     ᠬᠤᠷᠠᠯ ᠳᠡᠭᠡᠷ᠎ᠡ᠂ ︽ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠢ ᠰᠢ ᠶᠢᠨ ᠫᠢᠩ ᠶᠢᠨ ᠥᠭᠦᠯᠡᠯᠲᠡ ᠶᠢᠨ ᠲᠣᠪᠴᠢᠯᠠᠯ︾ ᠢ ᠲᠥᠪᠯᠡᠷᠡᠭᠦᠯᠦᠨ ᠰᠤᠷᠤᠯᠴᠠᠵᠤ᠂ ᠬᠡᠷᠡᠭ ᠢᠶᠠᠷ ᠶᠣᠰᠣ ᠮᠣᠷᠠᠯ ᠢ ᠬᠡᠯᠡᠬᠦ᠂ ᠬᠡᠷᠡᠭ ᠢᠶᠠᠷ ᠰᠠᠬᠢᠯᠭ᠎ᠠ ᠪᠠᠲᠤ ᠶᠢ ᠬᠡᠯᠡᠬᠦ᠂ ᠬᠡᠷᠡᠭ ᠢᠶᠠᠷ ᠶᠣᠰᠣ ᠮᠣᠷᠠᠯ ᠢ ᠬᠡᠯᠡᠬᠦ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠥᠷᠥ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠮᠣᠷᠠᠯ ᠤᠨ ᠲᠣᠭᠲᠠᠯ ᠬᠦᠴᠦᠨ᠂ ᠢᠯᠵᠠᠷᠠᠯ ᠢ ᠡᠰᠡᠷᠭᠦᠴᠡᠬᠦ ᠲᠣᠭᠲᠠᠯ ᠬᠦᠴᠦᠨ ᠢ ᠲᠠᠰᠤᠷᠠᠯᠲᠠ ᠦᠭᠡᠢ ᠴᠢᠩᠭᠠᠳᠬᠠᠪᠠ᠃ ᠬᠡᠰᠡᠭ ᠭᠤᠣᠯ ᠳᠤᠭᠤᠶᠢᠯᠠᠩ ᠤᠨ ᠪᠦᠷᠢᠯᠳᠦᠭᠦᠨ ᠨᠠᠷ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠪᠠᠨ ᠤᠶᠠᠯᠳᠤᠭᠤᠯᠤᠨ ᠰᠤᠷᠤᠯᠴᠠᠭᠰᠠᠨ ᠣᠶᠢᠯᠠᠭᠠᠯᠲᠠ ᠪᠠ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠨ ᠰᠣᠯᠢᠯᠴᠠᠪᠠ᠃     ᠰᠦᠨ ᠱᠤ᠋ ᠲᠤᠤ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠨᠢ ᠠᠯᠤᠰ ᠬᠡᠳᠦ ᠶᠢᠨ ᠤᠳᠬ᠎ᠠ ᠰᠠᠨᠠᠭ᠎ᠠ ᠲᠠᠢ᠂ ᠪᠠᠶᠠᠯᠢᠭ ᠠᠭᠤᠯᠬᠤᠨ ᠲᠠᠢ᠂ ᠭᠦᠨ ᠭᠦᠨᠵᠡᠭᠡᠢ ᠦᠵᠡᠯ ᠰᠠᠨᠠᠭ᠎ᠠ ᠲᠠᠢ ᠪᠠᠶᠢᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠵᠤ᠂ ᠶᠠᠭ ᠥᠷᠨᠢᠭᠦᠯᠵᠦ ᠪᠠᠶᠢᠭ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠳᠤ ᠦᠨᠳᠦᠰᠦᠨ ᠵᠢᠷᠤᠮᠯᠠᠯ ᠬᠠᠩᠭᠠᠵᠠᠢ᠃ ᠡᠭᠦᠨ ᠤ ᠬᠠᠮᠲᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ ᠶᠢ ᠠᠬᠢᠭᠤᠯᠵᠤ᠂ ︽ᠲᠦᠷᠪᠡᠨ ᠤᠬᠠᠮᠰᠠᠷ︾  ᠢ ᠪᠠᠲᠤ ᠪᠤᠢ ᠪᠣᠯᠭᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠦᠨᠳᠦᠰᠦ ᠠᠴᠠ ᠨᠢ ᠵᠠᠰᠠᠬᠤ ᠪᠣᠳᠣᠯᠭ᠎ᠠ ᠮᠥᠨ ᠭᠡᠳᠡᠭ ᠢ ᠭᠦᠨᠵᠡᠭᠡᠢ ᠲᠠᠨᠢᠵᠤ᠂ ᠴᠢᠬᠤᠯᠠ ᠥᠭᠦᠯᠡᠯᠲᠡ ᠶᠢᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠭᠦᠨᠵᠡᠭᠡᠢ ᠣᠶᠢᠯᠠᠭᠠᠨ ᠡᠵᠡᠮᠰᠢᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠡᠢ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号