ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠄ ︽ᠮᠢᠩᠭᠠᠨ ᠲᠦᠮᠡ ᠶᠢᠨ ᠢᠨᠵᠧᠨᠧᠷᠢᠩ︾ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠴᠢᠳᠠᠯ ᠬᠤᠷᠠᠮᠳᠤᠭᠤᠯᠵᠤ ᠪᠣᠶ
ᠨᠡᠶᠢᠲᠡᠯᠡᠭᠰᠡᠨ ᠴᠠᠭ᠄
2024/6/24
      ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠢᠶᠠᠷ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠤᠢ ᠪᠣᠯᠭᠠᠵᠤ᠂ ᠰᠠᠭᠤᠭᠠᠯᠢ ᠠᠷᠠᠳ ᠲᠤ ᠪᠤᠶᠠᠨ ᠦᠢᠯᠡᠳᠦᠨ᠎ᠡ᠃ ᠡᠨᠡ ᠵᠢᠯ ᠤᠨ ᠲᠤᠷᠰᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ︽ᠮᠢᠩᠭᠠᠨ ᠲᠦᠮᠡ ᠶᠢᠨ ᠢᠨᠵᠧᠨᠧᠷᠢᠩ︾ ᠢ ᠬᠡᠷᠡᠭᠵᠢᠭᠦᠯᠵᠦ᠂ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ︾ ᠠᠴᠠ ︽ᠠᠵᠤ ᠦᠢᠯᠡᠰ ᠤᠨ ᠬᠥᠭᠵᠢᠯ ᠪᠠᠳᠠᠷᠠᠯ︾ ᠬᠦᠷᠲᠡᠯᠡᠬᠢ ᠬᠥᠳᠡᠭᠡ ᠲᠣᠰᠬᠤᠨ  ᠢ ᠬᠥᠭᠵᠢᠭᠦᠯᠦᠨ ᠮᠠᠨᠳᠤᠭᠤᠯᠬᠤ ᠵᠠᠮ  ᠢ ᠨᠡᠭᠡᠭᠡᠭᠰᠡᠨ ᠪᠠᠶᠢᠨ᠎ᠠ᠃      ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠢᠷᠦᠭᠡᠨ ᠪᠠᠯᠭᠠᠰᠤᠨ ᠤ ᠬᠤᠩ ᠹᠥ᠋ᠩ ᠲᠣᠰᠬᠤᠨ ᠤ ᠤᠰᠤ ᠬᠠᠩᠭᠠᠬᠤ ᠤᠰᠤ ᠵᠠᠯᠠᠬᠤ ᠶᠢ ᠨᠢᠭᠡ ᠴᠣᠭᠴᠠᠵᠢᠭᠤᠯᠤᠭᠰᠠᠨ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠮᠠᠯᠲᠠᠭᠤᠷ ᠮᠠᠰᠢᠨ ᠤ ᠠᠵᠢᠯᠯᠠᠬᠤ ᠳᠠᠭᠤᠨ ᠲᠠᠰᠤᠷᠠᠯᠳᠡ ᠦᠭᠡᠢ ᠴᠤᠤᠷᠢᠶᠠᠲᠤᠵᠤ᠂ ᠪᠠᠷᠢᠯᠭ᠎ᠠ ᠶᠢᠨ ᠠᠵᠢᠯᠴᠢᠳ ᠡᠯ᠎ᠡ ᠭᠠᠵᠠᠷ ᠲᠤ ᠡᠮᠬᠢ ᠵᠢᠷᠤᠮ ᠲᠠᠢ ᠪᠠᠷ ᠠᠵᠢᠯᠯᠠᠵᠤ ᠪᠠᠶᠢᠯ᠎ᠠ᠃      ᠵᠢᠷᠦᠭᠡᠨ ᠪᠠᠯᠭᠠᠰᠤᠨ ᠤ ᠬᠤᠩ ᠹᠥ᠋ᠩ ᠲᠣᠰᠬᠤᠨ ᠤ ᠨᠠᠮ ᠤᠨ ᠡᠭᠦᠷ ᠤᠨ ᠱᠦᠵᠢ ᠯᠦ ᠰᠢᠶᠣᠣ ᠬᠤᠢ ᠰᠤᠷᠪᠤᠯᠵᠢᠯᠠᠭᠴᠢ ᠳᠤ᠂ ᠶᠠᠭ ᠪᠠᠷᠢᠯᠭ᠎ᠠ ᠶᠢᠨ ᠠᠵᠢᠯ ᠬᠢᠵᠦ ᠪᠠᠶᠢᠭ᠎ᠠ ᠨᠢ ︽ᠮᠢᠩᠭᠠᠨ ᠲᠦᠮᠡ ᠶᠢᠨ ᠢᠨᠵᠧᠨᠧᠷᠢᠩ︾  ᠤᠨ ᠤᠰᠤ ᠬᠠᠩᠭᠠᠬᠤ ᠤᠰᠤ ᠵᠠᠯᠠᠬᠤ ᠲᠦᠷᠦᠯ ᠵᠦᠢᠯ ᠪᠣᠯᠣᠨ᠎ᠠ᠂ ᠶᠡᠷᠦᠩᠬᠡᠢ ᠪᠡᠯᠡ ᠣᠷᠣᠭᠤᠯᠤᠯᠲᠠ ᠨᠢ 760 ᠲᠦᠮᠡᠨ ᠲᠥᠭᠦᠷᠢᠭ ᠲᠤ ᠬᠦᠷᠴᠦ᠂ ᠡᠨᠡ ᠵᠢᠯ ᠤᠨ 4 ᠰᠠᠷ᠎ᠠ ᠠᠴᠠ ᠡᠬᠢᠯᠡᠨ ᠪᠠᠷᠢᠯᠭ᠎ᠠ ᠶᠢᠨ ᠠᠵᠢᠯ ᠬᠢᠵᠦ᠂ ᠵᠢᠱᠢᠯᠲᠡ ᠪᠠᠷ 7 ᠰᠠᠷ᠎ᠠ ᠶᠢᠨ ᠳᠤᠮᠳᠠᠴᠢ ᠪᠠᠷ ᠪᠦᠬᠦᠨ ᠢ ᠪᠠᠷᠢᠯᠭ᠎ᠠ ᠶᠢᠨ ᠠᠵᠢᠯ ᠳᠠᠭᠤᠰᠬᠠᠬᠤ ᠪᠠᠷ ᠪᠤᠢ᠃     ᠬᠤᠩ ᠹᠥ᠋ᠩ ᠲᠣᠰᠬᠤᠨ ᠤ ᠤᠰᠤ ᠬᠠᠩᠭᠠᠬᠤ ᠤᠰᠤ ᠵᠠᠯᠠᠬᠤ ᠶᠢ ᠨᠢᠭᠡ ᠴᠣᠭᠴᠠᠵᠢᠭᠤᠯᠤᠭᠰᠠᠨ ᠲᠦᠷᠦᠯ ᠵᠦᠢᠯ  ᠨᠢ ᠲᠦᠭᠡᠭᠡᠯ ᠤᠰᠤᠨ ᠤ ᠤᠰᠤ ᠬᠠᠩᠭᠠᠬᠤ ᠬᠤᠭᠤᠯᠠᠢ ᠶᠢᠨ ᠲᠣᠣᠷ᠂ ᠭᠠᠵᠠᠷ ᠳᠣᠣᠷᠠᠬᠢ ᠪᠣᠬᠢᠷ ᠤᠰᠤᠨ ᠤ ᠬᠤᠭᠤᠯᠠᠢ ᠶᠢᠨ ᠲᠣᠣᠷ᠂ ᠪᠣᠬᠢᠷ ᠤᠰᠤ ᠶᠢ ᠰᠢᠢᠳᠪᠦᠷᠢᠯᠡᠬᠦ ᠦᠷᠳᠡᠭᠡ ᠪᠣᠯᠣᠨ ᠵᠠᠮ ᠢ ᠰᠡᠷᠭᠦᠭᠡᠬᠦ ᠵᠡᠷᠭᠡ ᠢᠨᠵᠧᠨᠧᠷᠢᠩ ᠢ ᠪᠠᠶᠢᠭᠤᠯᠬᠤ ᠪᠠᠷ ᠳᠠᠮᠵᠢᠭᠤᠯᠵᠤ᠂ ᠭᠠᠵᠠᠷ ᠳᠣᠣᠷᠠᠬᠢ ᠬᠤᠭᠤᠯᠠᠢ ᠶᠢᠨ ᠲᠣᠣᠷ ᠢ ᠨᠠᠪᠲᠠᠷᠡᠭᠦᠯᠵᠦ᠂ ︽ᠪᠢᠴᠢᠯ ᠡᠷᠭᠢᠯᠲᠡ︾ ᠶᠢ ᠰᠠᠭᠠᠳ ᠦᠭᠡᠢ ᠨᠠᠪᠲᠠᠷᠡᠭᠦᠯᠵᠦ᠂ ᠲᠣᠰᠬᠤᠨ ᠤ ᠠᠷᠠᠳ ᠲᠤ ᠠᠮᠤᠷ ᠲᠦᠪᠰᠢᠨ ᠤᠰᠤ ᠤᠤᠭᠤᠯᠭᠠᠪᠠ᠃      ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠠᠷᠠᠰᠤᠨ ᠪᠠᠯᠭᠠᠰᠤᠨ ᠤ ᠴᠠᠷᠠᠰᠤᠨ ᠭᠠᠴᠠᠭ᠎ᠠ ᠶᠢᠨ ᠤᠷᠢᠳᠴᠢᠯᠠᠨ ᠬᠢᠭᠰᠡᠨ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠶ ᠳᠤ ᠰᠤᠪᠤᠷᠭᠠᠨ ᠡᠷᠭᠦᠭᠦᠷ᠂ ᠮᠠᠯᠲᠠᠭᠤᠷ ᠮᠠᠰᠢᠨ᠂ ᠲᠡᠭᠡᠭᠡᠪᠦᠷᠢ ᠶᠢᠨ ᠲᠡᠷᠭᠡ ᠵᠡᠷᠭᠡ ᠮᠠᠰᠢᠨ ᠲᠥᠬᠦᠭᠡᠷᠦᠮᠵᠢ ᠶᠢ ᠡᠭᠡᠯᠵᠢᠯᠡᠨ ᠠᠵᠢᠯᠯᠠᠭᠤᠯᠤᠨ᠎ᠠ᠃ ᠲᠣᠰ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠢ ᠪᠡᠯᠡ ᠣᠷᠣᠭᠤᠯᠤᠯᠲᠠ ᠨᠢ 1100 ᠲᠦᠮᠡᠨ ᠲᠥᠭᠦᠷᠢᠭ ᠪᠠᠶᠢᠵᠤ᠂ ᠡᠵᠡᠯᠡᠬᠦ ᠲᠠᠯᠠᠪᠠᠶ ᠨᠢ 5500 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠶ ᠨᠢ 2780 ᠲᠡᠭᠰᠢ ᠳᠥᠷᠪᠡᠯᠵᠢᠨ ᠮᠧᠲᠷ ᠪᠠᠶᠢᠵᠤ᠂ ᠦᠢᠯᠡᠳᠪᠦᠷᠢᠵᠢᠭᠰᠡᠨ ᠲᠡᠵᠢᠭᠡᠨ ᠦᠷᠡᠵᠢᠭᠦᠯᠬᠦ ᠦᠢᠯᠡᠳᠪᠦᠷᠢ ᠪᠠ ᠤᠷᠢᠳᠴᠢᠯᠠᠨ ᠬᠢᠭᠰᠡᠨ ᠨᠣᠭᠤᠭ᠎ᠠ ᠪᠣᠯᠪᠠᠰᠤᠷᠠᠭᠤᠯᠬᠤ ᠦᠢᠯᠡᠳᠪᠦᠷᠢ ᠭᠡᠵᠦ ᠬᠤᠶᠠᠷ ᠬᠤᠪᠢᠶᠠᠷᠢ ᠲᠣᠭᠤᠷᠢᠭ ᠬᠤᠪᠢᠶᠠᠨ᠎ᠠ᠃      ︽ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ᠂ ᠤᠰᠤᠨ ᠭᠠᠷᠤᠯᠲᠠ ᠶᠢᠨ ᠠᠵᠤ ᠠᠬᠤᠢ ᠶᠢ ᠳᠥᠭᠦᠮᠬᠡᠨ ᠠᠩᠨᠠᠵᠤ ᠱᠦᠭᠦᠵᠦ ᠲᠡᠵᠢᠭᠡᠨ ᠦᠷᠡᠵᠢᠭᠦᠯᠵᠦ ᠪᠠᠶᠢᠭᠰᠠᠨ ᠠᠴᠠ ᠨᠠᠷᠢᠯᠢᠭ ᠡᠳ᠋ᠰᠢᠭᠦᠯᠬᠦ ᠪᠣᠯᠭᠠᠨ ᠬᠤᠪᠢᠷᠠᠭᠤᠯᠵᠤ᠂ ᠤᠰᠤᠨ ᠭᠠᠷᠤᠯᠲᠠ ᠶᠢᠨ ᠠᠵᠤ ᠠᠬᠤᠢ ᠶᠢᠨ ᠠᠮᠢᠵᠢᠷᠠᠯ ᠤᠨ ᠬᠦᠴᠦᠨ᠂ ᠪᠣᠳᠠᠲᠤ ᠬᠦᠴᠦᠨ᠂ ᠲᠠᠲᠠᠬᠤ ᠬᠦᠴᠦᠨ ᠢ ᠬᠥᠭᠵᠢᠭᠡᠨ᠂ ᠪᠥᠬᠦ ᠠᠵᠤ ᠦᠢᠯᠡᠰ ᠤᠨ ᠬᠡᠯᠬᠢᠶ᠎ᠡ ᠶᠢᠨ ᠳᠡᠭᠡᠭᠰᠢᠯᠡᠯᠲᠡ ᠶᠢ ᠠᠬᠢᠭᠤᠯᠤᠨ᠂ ᠴᠠᠷᠠᠰᠤᠨ ᠭᠠᠴᠠᠭ᠎ᠠ ᠶᠢᠨ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠵᠤ᠂ ᠬᠥᠳᠡᠭᠡ ᠲᠣᠰᠬᠤᠨ ᠤ ᠠᠵᠤ ᠦᠢᠯᠡᠰ ᠤᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ᠂ ᠠᠭᠤᠰᠤᠯᠴᠠᠨ ᠳᠡᠭᠡᠭᠰᠢᠯᠡᠬᠦ ᠳᠤ ᠰᠢᠨ᠎ᠡ ᠶᠢ ᠡᠭᠦᠳᠬᠦ ︿ᠬᠥᠳᠡᠯᠭᠡᠭᠦᠷ﹀ ᠤᠭᠰᠠᠷᠠᠬᠤ ᠬᠡᠷᠡᠭᠲᠡᠢ︾ ᠭᠡᠵᠦ ᠴᠠᠷᠠᠰᠤᠨ ᠪᠠᠯᠭᠠᠰᠤᠨ ᠤ ᠴᠠᠷᠠᠰᠤᠨ ᠭᠠᠴᠠᠭᠠᠨ ᠤ ᠨᠠᠮ ᠤᠨ ᠡᠭᠦᠷ ᠤᠨ ᠱᠦᠵᠢ ᠳ᠋ᠦᠩ ᠯᠢ ᠮᠢᠩ ᠬᠡᠯᠡᠪᠡ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号