ᠯᠢᠦ ᠬᠠᠢ ᠲᠤᠸ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠨ᠎ᠡ ᠡᠨᠧᠷᠭᠢ ᠶᠢᠨ ᠲᠥᠷᠥᠯ ᠵᠦᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/27
     6 ᠰᠠᠷ᠎ᠠ ᠶᠢᠨ 21 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠢ ᠲᠤᠤ ᠪᠦᠭᠦ ᠬᠤᠰᠢᠭᠤᠨ ᠤ ᠰᠢᠨ᠎ᠡ ᠡᠨᠧᠷᠭᠢ ᠶᠢᠨ ᠳᠦᠷᠦᠯ ᠵᠦᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ 8 ᠠᠵᠤ ᠠᠬᠤᠶᠢᠯᠠᠯ ᠤᠨ ᠬᠡᠷᠡᠭᠵᠢᠭᠦᠯᠬᠦ ᠪᠠᠷ ᠲᠥᠯᠥᠪᠯᠡᠵᠦ ᠪᠠᠶᠢᠭ᠎ᠠ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠳᠠᠷᠠᠭᠠᠴᠢ ᠶᠢᠨ ᠱᠠᠲᠤᠨ ᠤ ᠠᠵᠢᠯ ᠢ ᠰᠤᠳᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠲᠦᠷᠦᠯ ᠵᠦᠢᠯ ᠤᠨ ᠨᠠᠷᠢᠨ ᠳᠠᠩᠰᠠ ᠶᠢ ᠴᠢᠨᠠᠭᠰᠢᠳᠠ ᠰᠢᠯᠢᠳᠡᠭᠵᠢᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠭᠤᠣᠯ ᠰᠢᠪᠲᠤᠯᠤᠯᠲᠠ ᠶᠢᠨ ᠴᠢᠭᠯᠡᠯ ᠢ ᠲᠣᠳᠣᠷᠬᠠᠶᠢᠯᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠢ᠃ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠨᠢᠭᠲᠠ ᠬᠠᠮᠵᠢᠯᠴᠠᠨ ᠬᠠᠮᠵᠢᠯᠴᠠᠵᠤ᠂ ᠲᠤᠯᠭᠠᠭᠤᠷᠢᠯᠠᠯ ᠤᠨ ᠪᠠᠲᠤᠯᠠᠭ᠎ᠠ ᠶᠢ ᠴᠢᠩᠭᠠᠳᠬᠠᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠣᠳᠠᠲᠠᠶᠢᠵᠢᠭᠤᠯᠤᠨ ᠨᠠᠷᠢᠯᠢᠭ ᠬᠢᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃      ᠬᠤᠰᠢᠭᠤᠨ ᠤᠳᠤᠷᠢᠳᠤᠯᠭ᠎ᠠ ᠸᠠᠩ ᠮᠧᠩ᠂ ᠵᠠᠩ ᡁᠢ ᠮᠢᠨ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号