ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭᠠᠲᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/27
     6 ᠰᠠᠷ᠎ᠠ ᠶᠢᠨ 25 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠢ ᠲᠤᠸ ᠬᠤᠷᠠᠯ ᠢ ᠡᠷᠭᠢᠯᠡᠪᠡ᠃      ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷ᠎ᠡ ︽2023 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠬᠢᠨᠠᠨ ᠰᠢᠯᠭᠠᠵᠤ ᠦᠨᠡᠯᠡᠨ ᠵᠢᠱᠢᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ︾ ᠶᠢ ᠰᠣᠨᠣᠰᠬᠤ ᠳᠠᠭᠠᠨ ᠬᠢᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠣᠷᠣᠨ ᠠᠶᠢᠮᠠᠭ ᠬᠤᠶᠠᠷ ᠱᠠᠲᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠪᠥᠬᠦ ᠬᠤᠰᠢᠭᠤᠨ ᠤ ᠶᠠᠳᠠᠭᠤ  ᠠᠴᠠ ᠠᠩᠭᠢᠵᠢᠷᠠᠭᠤᠯᠬᠤ ᠪᠡᠷᠬᠡ ᠰᠡᠳᠦᠪ  ᠢ ᠰᠢᠢᠳᠪᠦᠷᠢᠯᠡᠭᠰᠡᠨ ᠦᠷ᠎ᠡ ᠪᠦᠲᠦᠭᠡᠯ  ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ︽ᠰᠡᠭᠦᠯᠴᠢ ᠶᠢᠨ ᠦᠨᠡᠯᠡᠯᠲᠡ ︾ ᠶᠢ ᠬᠢᠨᠠᠨ ᠰᠢᠯᠭᠠᠵᠤ ᠴᠡᠭᠴᠡᠯᠡᠨ ᠰᠠᠶᠢᠵᠢᠷᠠᠭᠤᠯᠬᠤ ᠪᠠ ᠣᠳᠣᠬᠠᠨ ᠤ ᠬᠥᠳᠡᠭᠡ ᠲᠣᠰᠬᠤᠨ  ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ  ᠢ ᠪᠠᠶᠢᠷᠢᠯᠠᠭᠤᠯᠪᠠ᠃     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠰᠢᠨ᠎ᠡ ᠬᠤᠪᠢᠷᠠᠯᠲᠠ᠂ ᠰᠢᠨ᠎ᠡ ᠣᠨᠴᠠᠯᠢᠭ᠂ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠶᠢ ᠰᠡᠷᠭᠡᠭ ᠢᠶᠠᠷ ᠲᠠᠨᠢᠵᠤ᠂ ᠣᠳᠣᠬᠠᠨ ᠤ ᠳᠠᠬᠢᠨ ᠶᠠᠳᠠᠭᠤᠷᠠᠬᠤ ᠶᠢ ᠰᠡᠷᠭᠡᠶᠢᠯᠡᠵᠦ ᠶᠠᠳᠠᠭᠤᠷᠠᠬᠤ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠪᠠ ᠶᠠᠳᠠᠭᠤ ᠠᠴᠠ ᠠᠩᠭᠢᠵᠢᠷᠠᠭᠤᠯᠤᠭᠰᠠᠨ ᠬᠥᠮᠥᠨ ᠠᠮᠠ ᠶᠢᠨ ᠣᠷᠣᠯᠭ᠎ᠠ ᠶᠢ ᠨᠡᠮᠡᠭᠳᠡᠭᠦᠯᠬᠦ ᠠᠵᠢᠯ ᠢ ᠰᠠᠶᠢᠲᠤᠷ ᠬᠢᠵᠦ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ︽ᠳᠥᠷᠪᠡ ᠶᠢ ᠰᠠᠯᠭᠠᠬᠤ ᠦᠭᠡᠢ︾ ᠶᠢ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠠᠬᠢᠭᠤᠯᠤᠨ᠎ᠠ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ᠂ ᠰᠤᠷᠲᠠᠯ ᠢᠶᠠᠨ ᠴᠢᠩᠭᠠᠳᠬᠠᠵᠤ᠂ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ᠪᠠᠶᠢᠭᠤᠯᠤᠮᠵᠢ ᠲᠣᠭᠲᠠᠴᠠ ᠪᠠᠨ ᠪᠦᠷᠢᠨᠰᠢᠭᠦᠯᠵᠦ᠂ ᠪᠣᠳᠠᠲᠠᠢ ᠠᠵᠢᠯᠯᠠᠬᠤ ᠳᠦᠷᠢ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠳ᠋ᠢᠩ ᠪᠥᠸᠧ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠮᠧᠩ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠡᠯ᠎ᠡ ᠰᠤᠮᠤ ᠰᠢᠶᠠᠩ ᠪᠠᠯᠭᠠᠰᠤ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号