ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠶᠠᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 111 ᠳ᠋ᠤᠭᠡᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/27
     6 ᠰᠠᠷ᠎ᠠ ᠶᠢᠨ 26 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠶᠠᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 111 ᠳ᠋ᠤᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠢ ᠲᠤᠸ ᠵᠢᠴᠢ ᠪᠤᠰᠤᠳ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠠ ᠪᠥᠸᠧ ᠨᠠᠷ ᠬᠤᠷᠠᠯ ᠳᠤ ᠰᠤᠯᠠ ᠣᠷᠣᠯᠴᠠᠵᠠᠢ᠃      ᠬᠤᠷᠠᠯ ᠠᠴᠠ ︽ᠥᠪᠥᠷ ᠮᠣᠩᠭᠤᠯ ᠤᠨ ᠠᠵᠢᠯ ᠤᠨ ᠲᠤᠬᠠᠢ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ ︾᠂ ︽ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠰᠤᠷᠤᠯᠴᠠᠬᠤ ᠬᠥᠲᠥᠯᠪᠦᠷᠢ︾ ᠶᠢ ᠤᠯᠠᠮᠵᠢᠯᠠᠨ ᠰᠤᠷᠤᠯᠴᠠᠵᠠᠢ᠃ ᠶᠡᠷᠦᠩᠬᠡᠢ ᠱᠦᠵᠢ ᠰᠢ ᠶᠢᠨ ᠫᠢᠩ ᠬᠥᠬᠡᠨᠠᠭᠤᠷ᠂ ᠨᠢᠩᠰᠢᠶᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠶᠢᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠦᠷᠦ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ 6 ᠰᠠᠷ᠎ᠠ ᠶᠢᠨ 21 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ 6 ᠰᠠᠷ᠎ᠠ ᠶᠢᠨ 20  ᠤ ᠡᠳᠦᠷ ᠤᠨ ᠠᠶᠢᠮᠠᠭ ᠤᠨ ᠨᠠᠮ ᠤᠨ ᠬᠤᠷᠢᠶ᠎ᠠ ᠶᠢᠨ ︽2024 ᠣᠨ ᠤ ᠰᠢᠨ᠎ᠡ ᠬᠡᠯᠪᠡᠷᠢ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢ ᠲᠡᠳᠬᠦᠨ ᠬᠥᠭᠵᠢᠭᠦᠯᠬᠦ ᠲᠥᠷᠥᠯ ᠵᠦᠢᠯ ᠤᠨ ᠬᠡᠷᠡᠭᠵᠢᠭᠦᠯᠬᠦ ᠲᠥᠰᠥᠯ︾ ᠵᠢᠴᠢ ᠲᠡᠳᠬᠦᠨ ᠳᠡᠮᠵᠢᠬᠦ ᠪᠠᠷ ᠪᠠᠶᠢᠭ᠎ᠠ ᠭᠠᠴᠠᠭ᠎ᠠ ᠲᠣᠰᠬᠤᠨ ᠤ ᠨᠡᠷᠡᠰ᠂ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠣᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠤᠯᠤᠰ ᠤᠨ ᠳᠣᠲᠣᠭᠠᠳᠤ ᠶᠢᠨ ᠠᠯᠪᠠᠨ ᠶᠠᠪᠤᠳᠠᠯ ᠤᠨ ᠵᠣᠴᠢᠯᠠᠯᠭ᠎ᠠ ᠶᠢᠨ ᠬᠠᠮᠢᠶᠠᠷᠤᠯᠲᠠ ᠶᠢᠨ ᠠᠷᠭ᠎ᠠ︾ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2024 ᠣᠨ ᠤ ᠲᠥᠰᠥᠪ ᠤᠨ ᠲᠣᠬᠢᠷᠠᠭᠤᠯᠤᠯᠲᠠ ᠶᠢᠨ ᠲᠥᠰᠥᠯ︾ ᠢ ᠬᠢᠨᠠᠨ ᠵᠥᠪᠯᠡᠵᠦ ᠪᠠᠲᠤᠯᠠᠪᠠ᠃ ᠲᠡᠷᠡᠴᠢᠯᠡᠨ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠶᠢᠮᠠᠭ ᠤᠨ ᠨᠠᠮ ᠤᠨ ᠬᠤᠷᠢᠶ᠎ᠠ ᠶᠢᠨ ︿ᠲᠠᠪᠤᠨ ᠨᠢᠭᠡᠳᠦᠭᠡᠷ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠡᠷᠬᠢᠨ ᠥᠷᠨᠢᠭᠦᠯᠬᠦ ᠲᠤᠬᠠᠢ ︽ᠠᠷᠪᠠᠨ ᠵᠦᠢᠯ ᠤᠨ ᠢᠨᠵᠧᠨᠧᠷᠢᠩ︾ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ︾ ᠲᠤᠬᠠᠢ ᠭᠦᠨᠵᠡᠭᠡᠢ ᠰᠤᠳᠤᠯᠤᠯᠲᠠ ᠬᠢᠪᠡ᠃     ᠬᠤᠷᠠᠯ  ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠠᠶᠢᠵᠢᠷᠠᠭᠤᠯᠬᠤ ︽ᠲᠠᠪᠤ ᠶᠢ ᠲᠡᠷᠢᠭᠦᠨ ᠳᠤ ᠲᠠᠯᠪᠢᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠡᠢ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号