ᠡᠷᠬᠢᠲᠦ ᠪᠠᠯᠭᠠᠰᠤ ︽ᠠᠨᠠᠷ ᠤᠨ ᠦᠷ᠎ᠡ︾ ᠶᠢᠨ ᠬᠥᠷᠰᠢ ᠵᠡᠷᠭᠡᠯᠡᠳᠡᠭᠡ ᠶᠢᠨ ᠬᠢᠨ ᠤ ᠰᠣᠶᠣᠯ ᠤᠨ ᠴᠢᠭᠤᠯᠭᠠᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/3
     ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠶᠢᠨ ᠲᠥᠯᠥᠭᠡ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ 5 ᠰᠠᠷ᠎ᠠ ᠶᠢᠨ 30 ᠤ ᠡᠳᠦᠷ᠂ ᠡᠷᠬᠢᠲᠦ ᠪᠠᠯᠭᠠᠰᠤ ︽ᠠᠨᠠᠷ ᠤᠨ ᠦᠷ᠎ᠡ︾ ᠶᠢᠨ ᠬᠥᠷᠰᠢ ᠵᠡᠷᠭᠡᠯᠡᠳᠡᠭᠡ ᠶᠢᠨ ᠬᠢᠨ ᠤ ᠰᠣᠶᠣᠯ ᠤᠨ ᠴᠢᠭᠤᠯᠭᠠᠨ ᠤ ᠠᠵᠢᠯᠯᠠᠭ᠎ᠠ ᠵᠢᠴᠢ ᠡᠷᠬᠢᠲᠦ ᠪᠠᠯᠭᠠᠰᠤ ᠶᠢᠨ ︽ᠪᠥᠬᠦ ᠠᠷᠠᠳ ᠢᠶᠠᠷ ᠢᠶᠠᠨ ᠪᠥᠵᠢᠭ ᠪᠥᠵᠢᠭᠯᠡᠵᠦ ᠪᠠᠶᠠᠷ ᠪᠠᠶᠠᠰᠤᠯ ᠲᠠᠢ ᠠᠮᠢᠳᠤᠷᠠᠬᠤ︾ ᠬᠤᠶᠠᠳᠤᠭᠠᠷ ᠬᠤᠭᠤᠴᠠᠭᠠᠨ ᠤ ᠲᠠᠯᠠᠪᠠᠶ ᠶᠢᠨ ᠪᠥᠵᠢᠭ ᠤᠨ ᠤᠷᠤᠯᠳᠤᠭᠠᠨ ᠢ ᠡᠷᠭᠢᠯᠡᠵᠦ᠂ ᠬᠠᠷᠢᠶᠠᠲᠤ ᠣᠷᠣᠨ ᠤ ᠣᠯᠠᠨ ᠲᠦᠮᠡᠨ ᠲᠠᠢ ᠬᠠᠮᠲᠤ ᠪᠠᠷ ᠲᠣᠭᠯᠠᠯᠲᠠ ᠦᠵᠡᠵᠦ᠂ ᠵᠣᠭᠤᠭ ᠳᠡᠯᠭᠡᠵᠦ᠂ ᠬᠥᠷᠰᠢ ᠵᠡᠷᠭᠡᠯᠡᠳᠡᠭᠡ ᠶᠢᠨ ᠰᠣᠯᠢᠯᠴᠠᠭ᠎ᠠ ᠪᠠᠨ ᠨᠡᠮᠡᠭᠳᠡᠭᠦᠯᠦᠨ᠂ ᠰᠣᠶᠣᠯ ᠤᠨ ᠦᠪᠡᠳᠡᠭᠰᠢ ᠳᠠᠶᠢᠯᠠᠯᠭ᠎ᠠ ᠶᠢ ᠬᠠᠮᠲᠤ ᠪᠠᠷ ᠡᠳ᠋ᠯᠡᠵᠦ᠂ ᠬᠥᠷᠰᠢ ᠵᠡᠷᠭᠡᠯᠡᠳᠡᠭᠡ ᠶᠢᠨ ᠬᠢᠨ ᠤ ᠡᠶ᠎ᠡ ᠵᠣᠬᠢᠴᠠᠯ ᠲᠠᠢ ᠬᠠᠶᠢᠷ᠎ᠠ ᠰᠡᠳᠬᠢᠯᠭᠡ ᠪᠠᠨ ᠬᠠᠮᠲᠤ ᠪᠠᠷ ᠶᠠᠷᠢᠯᠴᠠᠨ᠎ᠠ᠃      ᠲᠣᠭᠯᠠᠭᠴᠢᠳ ᠨᠢᠭᠡ ᠨᠢᠭᠡ ᠪᠠᠷ ᠢᠶᠠᠨ ᠴᠤᠭ ᠵᠢᠪᠬᠤᠭ᠎ᠠ ᠲᠠᠢ᠂ ᠰᠦᠷ ᠭᠡᠷᠡᠯ ᠲᠠᠢ ᠪᠠᠶᠢᠯ᠎ᠠ᠃ ᠲᠡᠳᠡ ᠥᠩᠭᠡ ᠢᠯᠭᠠᠷᠠᠭᠰᠠᠨ ᠬᠤᠪᠴᠠᠰᠤ ᠵᠠᠰᠠᠯ ᠢᠶᠠᠷ ᠢᠶᠠᠨ ᠲᠠᠶᠢᠰᠠᠨ ᠳᠤ ᠭᠠᠷᠴᠤ᠂ ᠪᠠᠶᠠᠷ ᠬᠥᠷ ᠲᠠᠢ ᠬᠥᠭ ᠠᠶᠠᠰ ᠤᠨ ᠳᠠᠭᠠᠤ ᠳᠤ ᠣᠷᠭᠢᠯᠤᠮ᠎ᠠ ᠬᠠᠯᠠᠭᠤᠨ ᠰᠡᠳᠬᠢᠯᠭᠡ᠂ ᠭᠤᠶᠢᠳᠠ ᠰᠠᠶᠢᠬᠠᠨ ᠪᠥᠵᠢᠭ ᠤᠨ ᠳᠦᠷᠢ ᠪᠠᠶᠢᠳᠠᠯ ᠪᠠ ᠬᠡᠷᠡᠯ ᠰᠠᠴᠤᠷᠠᠩᠭᠤᠢ ᠢᠨᠢᠶᠡᠮᠰᠦᠭᠯᠡᠯ ᠢᠶᠠᠷ ᠢᠶᠠᠨ ᠨᠤᠲᠤᠭ ᠤᠨ ᠠᠬ᠎ᠠ ᠳᠡᠭᠦᠦ ᠨᠠᠷ ᠲᠡᠭᠡᠨ ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ ᠤᠯᠠᠮᠵᠢᠯᠠᠯᠲᠤ ᠰᠣᠶᠣᠯ ᠢᠶᠠᠨ ᠪᠠᠳᠠᠷᠠᠭᠤᠯᠬᠤ ᠶᠢᠨ ᠵᠡᠷᠭᠡ ᠳᠤ ᠡᠷᠬᠢᠲᠦ ᠪᠠᠯᠭᠠᠰᠤᠨ ᠤ ᠰᠠᠭᠤᠭᠠᠯᠢ ᠠᠷᠠᠳ ᠤᠨ ᠥᠪᠡᠷᠮᠢᠴᠡ ᠴᠤᠭ ᠵᠢᠪᠬᠤᠭ᠎ᠠ ᠵᠢᠴᠢ ᠠᠮᠢᠳᠤᠷᠠᠯ ᠳᠤ ᠬᠠᠶᠢᠷᠠᠲᠠᠢ᠂ ᠢᠳᠡᠪᠬᠢᠲᠡᠢ᠂ ᠪᠠᠶᠠᠰᠤᠩᠭᠤᠢ ᠣᠶᠤᠨ ᠰᠠᠨᠠᠭᠠᠨ ᠤ ᠳᠦᠷᠰᠦ ᠪᠠᠶᠢᠳᠠᠯ  ᠢ ᠨᠡᠩ ᠴᠤ ᠳᠡᠯᠭᠡᠨ ᠦᠵᠡᠭᠦᠯᠦᠭᠰᠡᠨ ᠪᠠᠶᠢᠨ᠎ᠠ᠃     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠪᠠᠯᠭᠠᠰᠤᠨ ᠤ ᠨᠢᠭᠡᠳᠦᠮᠡᠯ ᠹᠷᠣᠨᠲ ᠤᠨ ᠠᠯᠪᠠᠨ ᠭᠡᠷ ᠤᠨ ᠠᠵᠢᠯᠲᠠᠳ ᠰᠠᠭᠤᠭᠠᠯᠢ ᠠᠷᠠᠳ ᠲᠤ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠮᠡᠳᠡᠯᠭᠡ ᠶᠢᠨ ᠲᠤᠬᠠᠢ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠨ ᠥᠭᠴᠦ᠂ ᠰᠠᠭᠤᠭᠠᠯᠢ ᠠᠷᠠᠳ ᠤᠨ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠪᠣᠯᠣᠨ ᠬᠠᠤᠯᠢᠵᠢᠯ ᠤᠨ ᠦᠵᠡᠯᠲᠡ ᠶᠢ ᠤᠯᠠᠮ ᠴᠢᠨᠠᠭᠰᠢᠳᠠ ᠳᠡᠭᠡᠭᠰᠢᠯᠡᠭᠦᠯᠵᠡᠢ᠃    ᠳᠠᠷᠠᠭ᠎ᠠ ᠶᠢᠨ ᠠᠯᠬᠤᠮ ᠳᠤ᠂ ᠡᠷᠬᠢᠲᠦ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠵᠤ᠂ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ  ᠶᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠠᠶᠢᠮᠠᠭ ᠢ ᠴᠣᠭᠴᠠᠯᠠᠨ ᠪᠠᠶᠢᠭᠤᠯᠬᠤ︾ ᠠᠵᠢᠯ ᠤᠨ ᠭᠤᠣᠯ ᠰᠡᠳᠦᠪ ᠤᠨ ᠲᠣᠭᠤᠷᠢᠨ ᠳᠤ᠂ ᠡᠯᠪᠡᠭ ᠪᠠᠶᠠᠯᠢᠭ ᠤᠯᠠᠨ ᠶᠠᠩᠵᠤ ᠶᠢᠨ᠂ ᠦᠵᠡᠵᠦ ᠰᠣᠨᠢᠷᠬᠠᠬᠤ ᠳᠤᠷᠠᠲᠠᠢ ᠰᠣᠶᠣᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠤᠭᠤᠷᠣᠨᠳᠣᠬᠢ ᠵᠠᠢ ᠶᠢ ᠣᠶᠢᠷᠠᠲᠤᠭᠤᠯᠵᠤ᠂ ᠬᠥᠷᠰᠢ ᠵᠡᠷᠭᠡᠯᠡᠳᠡᠭᠡ ᠶᠢᠨ ᠡᠶ᠎ᠡ ᠵᠣᠬᠢᠴᠠᠩᠭᠤᠢ ᠶᠢ ᠠᠬᠢᠭᠤᠯᠵᠤ᠂ ᠳᠤᠮᠳᠠᠳᠤ ᠶᠢᠨ ᠤᠯᠠᠮᠵᠢᠯᠠᠯᠲᠤ ᠰᠣᠶᠣᠯ ᠢ ᠦᠷᠭᠦᠯᠵᠢᠯᠡᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠎ᠠ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号