ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 103 ᠳ᠋ᠤᠭᠠᠷ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/3
      5 ᠰᠠᠷ᠎ᠠ ᠶᠢᠨ 31 ᠤ ᠡᠳᠦᠷ᠂ ᠠᠶᠢᠮᠠᠭ ᠤᠨ ᠵᠠᠬᠢᠷᠭ᠎ᠠ ᠶᠢᠨ  ᠠᠶᠢᠮᠠᠭ ᠤᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠦᠨ  ᠱᠤ᠋ ᠲᠤᠸ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠶ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 103 ᠳ᠋ᠤᠭᠠᠷ ᠤᠳᠠᠭᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠢ ᠲᠤᠸ ᠵᠡᠷᠭᠡ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠠᠢ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠲᠥᠰᠥᠯ ᠢ ᠲᠣᠭᠲᠠᠭᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃     ᠬᠤᠷᠠᠯ ᠠᠴᠠ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠪᠣᠯ ᠴᠢᠬᠤᠯᠠ ᠶᠡᠭᠡ ᠤᠯᠤᠰ ᠲᠦᠷᠦ ᠶᠢᠨ ᠡᠭᠦᠷᠭᠡ᠂ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠣᠯᠣᠨ᠎ᠠ᠃ ᠡᠯ᠎ᠡ ᠬᠤᠰᠢᠭᠤᠨ ᠤ ᠱᠠᠲᠤᠨ ᠤ ᠤᠳᠤᠷᠢᠳᠤᠯᠭ᠎ᠠ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠷᠢᠭᠤᠴᠠᠯᠭ᠎ᠠ ᠶᠢᠨ ᠬᠡᠯᠬᠢᠶ᠎ᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠨᠡᠮᠡᠭᠳᠡᠭᠦᠯᠦᠨ᠂ ᠨᠠᠩ ᠪᠠᠲᠤ ᠴᠢᠩᠭ᠎ᠠ ᠤᠯᠤᠰ ᠲᠥᠷᠥ ᠶᠢᠨ ᠤᠬᠠᠮᠰᠠᠷ ᠢᠶᠠᠷ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ᠂ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠂ ᠦᠨᠡᠨ ᠬᠦ ᠠᠳᠬᠤᠵᠤ ᠪᠣᠳᠠᠲᠠᠢ ᠪᠠᠷ ᠠᠵᠢᠯᠯᠠᠨ᠂ ᠪᠡᠷᠬᠡ ᠰᠡᠳᠦᠪ ᠢ ᠰᠢᠢᠳᠪᠦᠷᠢᠯᠡᠨ ᠪᠡᠷᠬᠡ ᠶᠢ ᠳᠠᠪᠠᠵᠤ᠂ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠤᠢ ᠪᠦᠬᠦᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠶᠢ ᠡᠳᠦᠷ ᠳᠤᠳᠤᠮ ᠤᠨ ᠠᠵᠢᠯ ᠳᠤ ᠠᠭᠤᠰᠤᠯᠴᠠᠭᠤᠯᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ︽ᠭᠤᠷᠪᠠᠨ ᠵᠦᠢᠯ ᠤᠨ ᠠᠵᠢᠯ︾  ᠢ ᠠᠬᠢᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠯᠦᠭᠡ ᠭᠦᠨᠵᠡᠭᠡᠢ ᠠᠭᠤᠰᠤᠯᠴᠠᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠲᠤᠤᠱᠲᠠᠢ ᠦᠷ᠎ᠡ ᠪᠦᠲᠦᠮᠵᠢ ᠭᠠᠷᠭᠠᠬᠤ ᠶᠢ ᠪᠠᠲᠤᠯᠠᠵᠤ᠂ ᠴᠢᠨᠠᠷ ᠰᠠᠶᠢᠲᠠᠢ ᠴᠡᠭᠴᠡᠯᠡᠨ ᠰᠠᠶᠢᠵᠢᠷᠠᠭᠤᠯᠬᠤ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号