ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠮᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/7
     6 ᠰᠠᠷ᠎ᠠ ᠶᠢᠨ 5 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠢ ᠲᠤᠸ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠮᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠪᠥᠬᠦ ᠬᠤᠰᠢᠭᠤᠨ ᠤ ᠥᠨᠳᠥᠷ ᠪᠠᠷᠢᠮᠵᠢᠶ᠎ᠠ ᠲᠠᠢ ᠲᠠᠷᠢᠶᠠᠨ ᠭᠠᠵᠠᠷ ᠤᠨ ᠤᠰᠤᠯᠠᠯᠲᠠ ᠶᠢᠨ ᠮᠠᠰᠢᠨ ᠴᠠᠬᠢᠯᠭᠠᠨ ᠤ ᠬᠤᠳᠳᠤᠭ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ  ᠢ ᠥᠷᠨᠢᠭᠦᠯᠦᠭᠰᠡᠨ ᠪᠠᠶᠢᠳᠠᠯ᠂ ︽ᠣᠯᠠᠨ ᠲᠦᠮᠡᠨ ᠦᠨᠡᠮᠯᠡᠯ ᠠᠪᠬᠤ ᠳᠤ ᠬᠦᠴᠢᠷᠲᠡᠢ︾ ᠵᠡᠷᠭᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠤᠰᠤᠯᠠᠯᠲᠠ ᠶᠢᠨ ᠮᠠᠰᠢᠨ ᠴᠠᠬᠢᠯᠭᠠᠨ ᠤ ᠬᠤᠳᠳᠤᠭ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠡᠷᠡᠭᠯᠡᠬᠦ ᠨᠥᠬᠦᠴᠡᠯ ᠢ ᠦᠨᠳᠦᠰᠦᠨ ᠳᠡᠭᠡᠨ ᠪᠦᠷᠢᠯᠳᠦᠭᠦᠯᠦᠭᠰᠡᠨ ᠮᠠᠰᠢᠨ ᠴᠠᠬᠢᠯᠭᠠᠨ ᠤ ᠬᠤᠳᠳᠤᠭ ᠲᠤ ᠰᠡᠯᠪᠢᠨ ᠵᠠᠰᠠᠬᠤ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠰᠡᠯᠪᠢᠨ ᠵᠠᠰᠠᠬᠤ ᠪᠡᠯᠡ ᠮᠥᠩᠭᠦ ᠶᠢᠨ ᠢᠷᠡᠯᠲᠡ ᠶᠢ ᠬᠦᠴᠦᠯᠡᠨ ᠰᠠᠶᠢᠲᠤᠷ ᠰᠢᠢᠳᠪᠦᠷᠢᠯᠡᠵᠦ᠂ ᠰᠡᠯᠪᠢᠨ ᠵᠠᠰᠠᠬᠤ ᠭᠤᠣᠯ ᠴᠣᠭᠴᠠ᠂ ᠴᠠᠭ ᠤᠨ ᠬᠢᠵᠠᠭᠠᠷ ᠢ ᠲᠣᠳᠣᠷᠬᠠᠶᠢᠯᠠᠨ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠮᠠᠰᠢᠨ ᠴᠠᠬᠢᠯᠭᠠᠨ ᠤ ᠬᠤᠳᠳᠤᠭ ᠢ ᠰᠡᠯᠪᠢᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠠᠰᠢᠨ ᠴᠠᠬᠢᠯᠭᠠᠨ ᠤ ᠬᠤᠳᠳᠤᠭ ᠢ ᠬᠡᠷᠡᠭᠯᠡᠵᠦ ᠳᠡᠶᠢᠯᠬᠦ᠂ ᠬᠠᠮᠢᠶᠠᠷᠴᠤ ᠳᠡᠶᠢᠯᠬᠦ ᠶᠢ ᠪᠡᠶᠡᠯᠡᠭᠦᠯᠬᠦ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠨ ᠮᠠᠰᠢᠨ ᠴᠠᠬᠢᠯᠭᠠᠨ ᠬᠤᠳᠳᠤᠭ ᠢ ᠥᠭᠡᠷᠡᠴᠢᠯᠡᠨ ᠳᠡᠭᠡᠭᠰᠢᠯᠡᠭᠦᠯᠬᠦ ᠠᠵᠢᠯ ᠢ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠴᠢᠩᠭ᠎ᠠ ᠵᠢᠷᠤᠮᠯᠠᠨ ᠰᠡᠯᠪᠢᠨ ᠵᠠᠰᠠᠬᠤ ᠶᠢᠨ ᠠᠷᠭ᠎ᠠ ᠦᠭᠡᠢ ᠮᠠᠰᠢᠨ ᠴᠠᠬᠢᠯᠭᠠᠨ ᠬᠤᠳᠳᠤᠭ ᠢ ᠬᠡᠷᠡᠭᠯᠡᠭᠡᠨ ᠠᠴᠠ ᠭᠠᠷᠭᠠᠬᠤ ᠰᠢᠢᠳᠪᠦᠷᠢᠯᠡᠯᠲᠡ ᠬᠢᠵᠦ᠂ ᠡᠯ᠎ᠡ ᠲᠥᠷᠥᠯ ᠤᠨ ᠲᠠᠩᠰᠠ ᠡᠪᠬᠡᠮᠡᠯ ᠢ ᠲᠠᠩᠰᠠ ᠳᠤ ᠣᠷᠣᠭᠤᠯᠬᠤ ᠶᠢ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢ ᠴᠢᠩᠳᠠᠯᠠᠵᠤ᠂ ᠴᠡᠭᠴᠡᠯᠡᠨ ᠰᠠᠶᠢᠵᠢᠷᠠᠭᠤᠯᠬᠤ ᠪᠠᠷᠢᠮᠵᠢᠶ᠎ᠠ ᠶᠢ ᠴᠢᠩᠳᠠᠯᠠᠬᠤ ᠬᠡᠷᠡᠭᠲᠡᠢ᠃ ︽ᠣᠯᠠᠨ ᠲᠦᠮᠡᠨ ᠦᠨᠡᠮᠯᠡᠯ ᠠᠪᠬᠤ ᠳᠤ ᠬᠦᠴᠢᠷᠲᠡᠢ ᠪᠠᠶᠢᠬᠤ︾ ᠠᠰᠠᠭᠤᠳᠠᠯ ᠳᠤ ᠴᠢᠭᠯᠡᠭᠦᠯᠦᠨ᠂ ᠪᠡᠷᠬᠡ ᠰᠡᠳᠦᠪ ᠢ ᠲᠥᠪᠯᠡᠷᠡᠭᠦᠯᠦᠨ ᠰᠢᠢᠳᠪᠦᠷᠢᠯᠡᠵᠦ᠂ ᠬᠡᠮ ᠰᠣᠭᠤᠭ ᠢ ᠨᠢ ᠣᠨᠣᠪᠴᠢᠲᠠᠶ ᠡᠷᠢᠨ ᠣᠯᠵᠤ᠂ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ᠂ ᠣᠯᠠᠨ ᠲᠦᠮᠡᠨ ᠤ ᠲᠤᠰᠬᠠᠯ ᠶᠡᠬᠡᠲᠡᠢ ᠲᠥᠪ ᠪᠤᠰᠤ ᠰᠤᠷᠲᠠᠯ ᠢ ᠡᠷᠡᠰ ᠵᠠᠯᠠᠷᠠᠭᠤᠯᠤᠨ ᠵᠠᠰᠠᠵᠤ᠂ ᠣᠯᠠᠨ ᠲᠦᠮᠡᠨ ᠤ ᠳᠡᠷᠭᠡᠳᠡᠬᠢ ᠪᠣᠳᠠᠲᠠᠢ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠬᠡᠷᠡᠭᠲᠡᠢ᠃       ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠬᠤᠸᠠᠩ ᠮᠠᠨ ᠯᠢᠶᠠᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠮᠧᠩ᠂ ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠢ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号