ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠳᠥᠴᠢᠨ ᠲᠠᠪᠤᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠪᠠ ᠭᠤᠴᠢ ᠶᠢᠰᠦᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/9
     6 ᠰᠠᠷ᠎ᠠ ᠶᠢᠨ 8 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠢ ᠲᠤᠸ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠥᠴᠢᠨ ᠲᠠᠪᠤᠳᠤᠭᠠᠷ ᠤᠳᠠᠭᠠᠨ ᠤ ᠬᠤᠷᠠᠯ ᠪᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠭᠤᠴᠢ ᠶᠢᠰᠦᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ  ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠪᠦᠷᠢᠯᠳᠦᠭᠦᠨ᠂ ᠬᠤᠰᠢᠭᠤᠨ ᠤ ᠬᠡᠰᠡᠭ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠢ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠣᠷᠣᠨ᠂ ᠪᠦᠬᠦ ᠠᠶᠢᠮᠠᠭ ᠤᠨ ᠵᠠᠮ ᠬᠠᠷᠢᠯᠴᠠᠭ᠎ᠠ ᠶᠢ ᠪᠠᠲᠤᠯᠠᠬᠤ ᠣᠷᠣᠨ ᠰᠠᠭᠤᠴᠠ ᠶᠢᠨ ᠠᠵᠢᠯ ᠢ ᠦᠨᠡᠨᠬᠦ ᠰᠠᠶᠢᠲᠤᠷ ᠬᠢᠬᠦ ᠲᠤᠬᠠᠢ ᠸᠢᠳᠢᠤ᠋ ᠬᠤᠷᠠᠯ ᠤᠨ ᠵᠣᠷᠢᠭ ᠰᠠᠨᠠᠭ᠎ᠠ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠰᠣᠨᠣᠰᠴᠤ᠂ ᠬᠠᠤᠯᠢ ᠵᠥᠷᠢᠴᠡᠨ ᠭᠠᠵᠠᠷ ᠬᠡᠷᠡᠭᠯᠡᠭᠰᠡᠨ ᠪᠠᠶᠢᠳᠠᠯ ᠢ ᠴᠡᠭᠴᠡᠯᠡᠨ ᠰᠠᠶᠢᠵᠢᠷᠠᠭᠤᠯᠤᠭᠰᠠᠨ᠂ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶ᠎ᠡ ᠴᠠᠷᠠᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠳᠤ᠂ ︽2024 ᠣᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠰᠢᠩᠭᠡᠭᠡᠯᠲᠡ ᠶᠢ ᠣᠷᠭᠢᠯ ᠳᠤ ᠨᠢ ᠬᠦᠷᠭᠡᠬᠦ ᠪᠠ ᠳᠤᠮᠳᠠᠴᠢ ᠬᠡᠮᠵᠢᠭᠳᠡᠯ ᠢ ᠪᠠᠷᠢᠮᠲᠠᠯᠠᠬᠤ ᠠᠵᠢᠯ ᠤᠨ ᠭᠤᠣᠯᠳᠠᠯᠭ᠎ᠠ︾ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠢ ᠠᠷᠭ᠎ᠠ ᠬᠡᠮᠵᠢᠶ᠎ᠡ ᠨᠦᠭᠦᠳ︾ ᠪᠠ 2024 ᠣᠨ ᠤ ︽ᠲᠠᠪᠤᠨ ᠶᠡᠭᠡ ᠡᠭᠦᠷᠭᠡ ᠶᠢ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠬᠡᠷᠡᠭᠵᠢᠭᠦᠯᠬᠦ ᠲᠥᠰᠥᠯ ᠵᠢᠴᠢ ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠵᠡᠷᠭᠡ ᠵᠦᠢᠯᠡᠰ ᠢ ᠰᠤᠳᠤᠯᠤᠨ ᠬᠢᠨᠠᠨ ᠵᠥᠪᠯᠡᠪᠡ᠃     ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠵᠦᠢᠯ ᠤᠨ ᠠᠵᠢᠯ ᠢ ᠠᠬᠢᠭᠤᠯᠬᠤ ᠳᠠᠭᠠᠨ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠠᠯᠲᠠ ᠶᠢᠨ ᠭᠦᠢᠴᠡᠳᠬᠡᠯ ᠲᠤᠭ᠎ᠠ ᠲᠠᠢ ᠬᠠᠷᠢᠴᠠᠭᠤᠯᠵᠤ᠂ ᠡᠭᠦᠷᠭᠡ ᠶᠢᠨ ᠨᠠᠷᠢᠨ ᠲᠠᠩᠰᠠ ᠶᠢ ᠨᠠᠷᠢᠯᠢᠭᠵᠢᠭᠤᠯᠵᠤ᠂ ᠳᠤᠲᠠᠭᠤᠳᠠᠯ ᠢ ᠴᠢᠩᠭ᠎ᠠ ᠠᠩᠬᠠᠷᠴᠤ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠲᠥᠪᠯᠡᠷᠡᠭᠦᠯᠦᠨ ᠪᠣᠭᠤᠮᠲᠠ ᠰᠢᠪᠲᠤᠯᠵᠤ᠂ ᠠᠵᠢᠯ ᠬᠤᠪᠢᠶᠠᠷᠢᠯᠠᠨ ᠬᠠᠮᠵᠢᠯᠴᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠬᠦᠴᠦᠲᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号