ᠬᠠᠶᠢᠳᠢᠶᠠᠨ ᠲᠣᠭᠤᠷᠢᠭ ᠤᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠤᠨ ᠬᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/7/12
     7 ᠰᠠᠷ᠎ᠠ ᠶᠢᠨ 9 ᠤ ᠡᠳᠦᠷ᠂ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠭᠧ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠢ ᠳᠠᠭᠠᠭᠤᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠭᠦᠨᠵᠡᠭᠡᠶᠢᠷᠡᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠰᠢᠨᠵᠢᠯᠡᠨ ᠪᠠᠶᠢᠴᠠᠭᠠᠪᠠ᠃ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠢ ᠵᠢᠢ ᠱᠦᠨ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠵᠠᠬᠢᠷᠭ᠎ᠠ ᠶᠢᠨ ᠳᠡᠳ᠋ ᠳᠠᠷᠤᠭ᠎ᠠ ᠬᠤᠸᠠᠩ ᠲᠤᠸ᠂ ᠠᠶᠢᠮᠠᠭ ᠤᠨ ᠵᠠᠬᠢᠷᠭ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠯᠢᠦ ᠾᠧ ᠱᠧᠨ᠂ ᠬᠤᠰᠢᠭᠤᠨ ᠤ ᠤᠳᠤᠷᠢᠳᠤᠯᠭ᠎ᠠ ᠯᠢᠦ ᠬᠠᠢ ᠲᠤᠸ᠂ ᠸᠠᠩ ᠵᠢᠶᠠ ᠪᠥᠸᠧ᠂ ᠶᠤᠸᠠᠢ ᠰᠥᠩ ᠱᠠᠨ ᠨᠠᠷ ᠬᠠᠮᠲᠤ ᠰᠢᠨᠵᠢᠯᠡᠨ ᠪᠠᠶᠢᠴᠠᠭᠠᠪᠠ᠃     ᠵᠠᠩ ᠭᠧ ᠨᠠᠷ ᠤᠷᠢᠳ ᠬᠤᠵᠢᠳ ᠬᠢᠩᠭᠠᠨ ᠪᠡᠭᠡᠵᠢᠩ ᠳᠤᠮᠳᠠᠳᠤ ᠰᠤᠷᠭᠠᠭᠤᠯᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠬᠤᠷᠴᠢᠨ ᠪᠠᠯᠭᠠᠰᠤ ᠶᠢᠨ ᠫᠢᠩ ᠠᠨ ᠲᠣᠰᠬᠤᠨ᠂ ᠴᠠᠷᠠᠰᠤᠨ ᠪᠠᠯᠭᠠᠰᠤ ᠶᠢᠨ ᠠᠮᠤ ᠪᠤᠳᠠᠭᠠᠨ ᠤ ᠦᠢᠯᠡᠰ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠯ᠎ᠠ ᠨᠤᠲᠤᠭ ᠤᠨ ᠬᠤᠨᠢᠨ ᠤ ᠦᠷᠳᠡᠭᠡ ᠳᠤ ᠬᠦᠷᠴᠦ᠂ ᠰᠤᠷᠭᠠᠨ ᠬᠥᠮᠦᠵᠢᠯ᠂ ᠡᠮ ᠡᠮᠨᠡᠯᠭᠡ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ ᠶᠢᠨ ᠬᠦᠷᠢᠶᠡᠨ ᠳᠠᠬᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠡᠯ᠎ᠡ ᠭᠠᠵᠠᠷ ᠤᠨ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠠᠵᠢᠯ ᠤᠨ ᠦᠷ᠎ᠡ ᠪᠦᠲᠦᠮᠵᠢ ᠶᠢ ᠰᠣᠨᠣᠰᠴᠠᠢ᠃ ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠵᠠᠩ ᠭᠧ ᠪᠠᠰᠠ ᠤᠯᠠᠭᠠᠨᠮᠣᠳᠤ ᠰᠤᠮᠤ ᠶᠢᠨ ᠪᠠᠶᠠᠨᠵᠢᠷᠦᠭᠡ ᠭᠠᠴᠠᠭ᠎ᠠ ᠶᠢᠨ ᠶᠠᠳᠠᠭᠤ ᠠᠴᠠ ᠠᠩᠬᠢᠵᠢᠷᠠᠭᠰᠠᠨ ᠡᠷᠦᠬᠡ ᠴᠢᠮᠡᠭ ᠢ ᠡᠷᠬᠢᠨ ᠦᠵᠡᠵᠦ ᠲᠣᠬᠤᠨᠢᠭᠤᠯᠵᠠᠢ᠃     ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠣᠨ ᠬᠠᠶᠢᠳᠢᠶᠠᠨ ᠲᠣᠭᠤᠷᠢᠭ ᠤᠨ ᠵᠡᠭᠦᠨ ᠪᠠᠷᠠᠭᠤᠨ ᠤᠷᠤᠨ ᠤ ᠬᠠᠮᠵᠢᠯᠴᠠᠭᠠᠨ ᠤ ᠳᠡᠭᠡᠳᠦ ᠳᠠᠪᠬᠤᠷᠭ᠎ᠠ ᠶᠢᠨ ᠬᠠᠷᠢᠯᠴᠠᠨ ᠠᠶᠢᠯᠴᠢᠯᠠᠬᠤ ᠬᠠᠮᠲᠤᠷᠠᠭᠰᠠᠨ ᠬᠤᠷᠠᠯ ᠵᠢᠴᠢ ᠭᠡᠷ᠎ᠡ ᠲᠣᠭᠲᠠᠨ ᠬᠠᠨᠳᠢᠪᠯᠡᠬᠤ ᠶᠣᠰᠣᠯᠠᠯ ᠳᠡᠭᠡᠷ᠎ᠡ᠂ ᠬᠠᠶᠢᠳᠢᠶᠠᠨ ᠲᠣᠭᠤᠷᠢᠭ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠠᠬᠢᠴᠠ ᠶᠢᠨ ᠪᠠᠶᠢᠳᠠᠯ ᠢ ᠲᠤᠰ ᠲᠤᠰ ᠲᠠᠨᠢᠯᠴᠠᠭᠤᠯᠪᠠ᠃ ᠵᠠᠩ ᠭᠧ ᠬᠡᠯᠡᠬᠦ ᠳᠡᠭᠡᠨ᠂ 2017 ᠣᠨ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠲᠠᠢ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠪᠠ ᠬᠠᠮᠵᠢᠯᠴᠠᠬᠤ ᠬᠠᠷᠢᠴᠠᠭ᠎ᠠ ᠪᠠᠶᠢᠭᠤᠯᠤᠭᠰᠠᠨ ᠠᠴᠠ ᠨᠠᠰᠢ᠂ ᠬᠤᠶᠠᠷ ᠭᠠᠵᠠᠷ ᠤᠨ ᠬᠢᠨ ᠥᠷᠭᠡᠨ ᠭᠦᠨᠵᠡᠭᠡᠢ ᠪᠣᠳᠠᠲᠠᠢ ᠶᠢ ᠡᠷᠬᠢᠮᠯᠡᠭᠰᠡᠨ ᠬᠠᠮᠵᠢᠯᠴᠠᠭ᠎ᠠ ᠥᠷᠨᠢᠭᠦᠯᠵᠦ᠂ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠭᠡᠯ ᠣᠯᠵᠠᠢ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠯᠤᠭ᠎ᠠ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠬᠥᠭᠵᠢᠯᠲᠡ ᠶᠢᠨ ᠬᠠᠮᠲᠤᠷᠠᠯ ᠤᠨ ᠬᠦᠴᠦᠨ ᠢᠶᠠᠨ ᠨᠢᠭᠲᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠠᠵᠤ ᠦᠢᠯᠡᠰ ᠤᠨ ᠬᠠᠮᠵᠢᠯᠴᠠᠭ᠎ᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠬᠦ ᠶᠢ ᠴᠢᠬᠤᠯᠠᠴᠢᠯᠠᠵᠤ᠂ ᠪᠦᠬᠦ ᠲᠠᠯ᠎ᠠ ᠶᠢᠨ ᠤᠯᠠᠨ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠠᠮᠵᠢᠯᠴᠠᠭ᠎ᠠ ᠶᠢ ᠨᠡᠩ ᠭᠦᠨ ᠳᠠᠪᠬᠤᠷᠭ᠎ᠠ᠂ ᠨᠡᠩ ᠥᠷᠭᠡᠨ ᠬᠦᠷᠢᠶ᠎ᠡ᠂ ᠨᠡᠩ ᠰᠠᠶᠢᠨ ᠦᠷ᠎ᠡ ᠪᠦᠲᠦᠮᠵᠢᠲᠡᠢ ᠪᠠᠷ ᠬᠥᠭᠵᠢᠭᠦᠯᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠯᠢᠦ ᠬᠠᠢ ᠲᠤᠸ ᠢᠯᠡᠷᠬᠡᠶᠢᠯᠡᠬᠦ ᠳᠡᠭᠡᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠣᠨ ᠬᠠᠶᠢᠳᠢᠶᠠᠨ ᠲᠣᠭᠤᠷᠢᠭ ᠤᠨ ᠬᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠦᠷᠭᠦᠯᠵᠢᠯᠡᠨ ︽ᠬᠤᠣᠰ ᠴᠢᠭᠯᠡᠯ ᠢᠶᠠᠷ ᠤᠷᠤᠭᠰᠢᠯᠠᠵᠤ︾᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠥᠷᠲᠡᠭ ᠤᠨ ᠠᠭᠤᠯᠤᠭᠳᠠᠬᠤᠨ ᠢ ᠥᠷᠭᠡᠳᠬᠡᠨ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ᠂ ᠴᠡᠪᠡᠷ ᠡᠨᠧᠷᠭᠢ᠂ ᠰᠣᠶᠣᠯ ᠵᠢᠭᠤᠯᠴᠢᠯᠠᠯ ᠵᠡᠷᠭᠡ ᠲᠠᠯ᠎ᠠ ᠪᠠᠷ ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠭᠠᠵᠠᠷ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ ᠶᠢ ᠪᠡᠶᠡᠯᠡᠭᠦᠯᠦᠨ᠎ᠡ ᠭᠡᠵᠡᠢ᠃      ᠬᠤᠷᠠᠯ ᠳᠡᠭᠡᠷ᠎ᠡ᠂ ᠬᠠᠶᠢᠳᠢᠶᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠪᠣᠯᠣᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠨᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠬᠡᠷᠡᠭᠯᠡᠭᠡ ᠶᠢ ᠬᠠᠪᠰᠤᠷᠤᠨ ᠲᠡᠳᠬᠦᠬᠦ ᠰᠠᠨᠠᠮᠵᠢ ᠶᠢᠨ ᠬᠤᠳᠠᠯᠳᠤᠨ ᠠᠪᠬᠤ ᠬᠡᠯᠡᠯᠴᠡᠭᠡᠷ ᠲᠣᠭᠲᠠᠪᠠ᠃ ᠬᠠᠶᠢᠳᠢᠶᠠᠨ ᠲᠣᠭᠤᠷᠢᠭ ᠤᠨ ᠬᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠳᠤ 2000 ᠲᠦᠮᠡᠨ ᠲᠥᠭᠦᠷᠢᠭ ᠤᠨ ᠪᠡᠯᠡ ᠮᠥᠩᠭᠦ ᠬᠠᠨᠳᠢᠪᠯᠡᠪᠠ᠃ ᠬᠠᠢ ᠳ᠋ᠢᠶᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠡᠭᠡᠵᠢᠩ ᠤᠨ ᠹᠦ᠋ ᠺᠠᠩ ᠯᠢ ᠵᠢᠶᠧ ᠠᠳᠠᠯ ᠠᠬᠤᠢ ᠶᠢᠨ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠪᠡᠭᠡᠵᠢᠩ ᠤᠨ ᠯᠢᠶᠠᠨ ᠰᠢᠶᠠᠩ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠹᠧᠨ ᠰᠢᠶᠠᠩ ᠴᠢᠮᠡᠭᠡ ᠬᠤᠯᠪᠣᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠠᠴᠠ ᠨᠢᠩᠵᠢᠨ ᠬᠠᠶᠢᠷ᠎ᠠ ᠪᠠᠷ ᠰᠤᠷᠤᠯᠭ᠎ᠠ ᠶᠢ ᠲᠡᠳᠬᠦᠬᠦ ᠪᠡᠯᠡ ᠮᠥᠩᠭᠦ 30 ᠲᠦᠮᠡᠨ ᠲᠥᠭᠦᠷᠢᠭ ᠬᠠᠨᠳᠢᠪᠯᠠᠪᠠ᠃ ᠬᠠᠶᠢᠳᠢᠶᠠᠨ ᠲᠣᠭᠤᠷᠢᠭ ᠤᠨ ᠬᠠᠷᠢᠶᠠᠲᠤ ᠤᠯᠤᠰ ᠤᠨ ᠥᠮᠴᠢᠯᠡᠯᠲᠦ ᠠᠵᠤ ᠠᠬᠤᠶᠢᠯᠠᠯ ᠠᠴᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ 80 ᠲᠦᠮᠡᠨ ᠲᠥᠭᠦᠷᠢᠭ ᠤᠨ ᠪᠡᠯᠡ ᠮᠥᠩᠭᠦ ᠬᠠᠨᠳᠢᠪᠯᠡᠪᠠ᠃ ᠬᠠᠶᠢᠳᠢᠶᠠᠨ ᠲᠣᠭᠤᠷᠢᠭ ᠤᠨ ᠨᠢᠭᠡᠳᠦᠮᠡᠯ ᠹᠷᠣᠨᠲ ᠤᠨ ᠰᠢᠰᠲ᠋ᠧᠮ ᠤᠨ ᠬᠢᠨ ᠰᠤᠷᠭᠠᠭᠤᠯᠢ ᠢ ᠳᠡᠮᠵᠢᠬᠦ ᠰᠤᠷᠤᠯᠴᠠᠯᠭ᠎ᠠ ᠶᠢᠨ ᠮᠠᠰᠢᠨ ᠢ 150 ᠰᠠᠥᠷᠢ ᠪᠡᠯᠡᠭᠯᠡᠨ ᠬᠦᠷᠭᠡᠪᠡ᠃      ᠬᠤᠰᠢᠭᠤᠨ ᠤ ᠤᠳᠤᠷᠢᠳᠤᠯᠭ᠎ᠠ ᠬᠤᠸᠠᠩ ᠮᠠᠨ ᠯᠢᠶᠠᠩ᠂ ᠸᠠᠩ ᠮᠧᠩ᠂ ᠯᠢ ᠶᠣᠣ ᠵᠢᠶᠧ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠬᠤ ᠳᠤ ᠣᠷᠣᠯᠴᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号