ᠰᠦᠨ ᠱᠤ᠋ ᠲᠤᠸ ᠬᠡᠰᠡᠭ ᠰᠤᠮᠤ ᠰᠢᠶᠠᠩ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/15
     7 ᠰᠠᠷ᠎ᠠ ᠶᠢᠨ 12 ᠤᠨ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ ᠬᠡᠰᠡᠭ ᠰᠤᠮᠤ ᠰᠢᠶᠠᠩ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃       ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠣᠳᠤ ᠰᠤᠮᠤ ᠶᠢᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠪᠣᠯᠪᠠᠰᠤᠷᠠᠯ ᠤᠨ ᠰᠠᠭᠤᠷᠢᠨ ᠳᠤ᠂ ᠰᠦᠨ ᠱᠤ᠋ ᠲᠤᠤ 2024 ᠣᠨ ᠤ ᠬᠢᠩᠭᠠᠨ ᠠᠶᠢᠮᠠᠭ ᠤᠨ ᠨᠠᠭᠠᠳᠤᠮ ᠤᠨ ᠪᠡᠯᠡᠳᠬᠡᠯ ᠠᠵᠢᠯ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠨᠠᠭᠠᠳᠤᠮ ᠤᠨ ᠰᠢᠷᠢᠰ ᠠᠵᠢᠯᠯᠠᠭ᠎ᠠ ᠶᠢ ᠰᠠᠶᠢᠲᠤᠷ ᠬᠢᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃ ᠰᠦᠨ ᠱᠤ᠋ ᠲᠤᠤ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠵᠦᠢᠯ ᠤᠨ ᠤᠷᠤᠯᠳᠤᠭᠠᠨ ᠪᠠ ᠦᠵᠡᠭᠦᠯᠦᠯᠭᠡ ᠶᠢᠨ ᠲᠣᠭᠯᠠᠯᠲᠠ ᠶᠢᠨ ᠠᠵᠢᠯᠯᠠᠭ᠎ᠠ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠥᠳᠬᠡᠨ ᠵᠤᠵᠠᠭᠠᠨ ᠠᠭᠤᠷ ᠠᠮᠢᠰᠬᠤᠯ ᠢ ᠪᠤᠶ ᠪᠣᠯᠭᠠᠵᠤ᠂ ᠫᠷᠣᠭ᠍ᠷᠠᠮ ᠤᠨ ᠲᠥᠷᠥᠯ ᠢᠯᠭᠠᠯ ᠢ ᠰᠢᠯᠢᠳᠡᠭᠵᠢᠭᠦᠯᠵᠦ᠂ ᠵᠤᠭᠠᠴᠠᠭᠰᠠᠳ ᠤᠨ ᠣᠶᠢᠯᠠᠭᠠᠯᠲᠠ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠨᠠᠩ ᠣᠯᠠᠨ ᠥᠪᠡᠷᠮᠢᠴᠡ ᠣᠨᠴᠠᠯᠢᠭ ᠲᠠᠢ᠂ ᠬᠡᠪ ᠨᠠᠮᠪᠠ ᠲᠠᠢ ᠵᠤᠭᠠᠴᠠᠯ ᠤᠨ ᠪᠦᠲᠦᠭᠡᠭᠳᠡᠬᠦᠨ ᠪᠠ ᠡᠵᠡᠩᠨᠡᠯᠲᠡ ᠶᠢᠨ ᠬᠡᠯᠪᠡᠷᠢ ᠪᠠᠶᠢᠳᠠᠯ ᠢ ᠨᠡᠭᠡᠭᠡᠨ ᠬᠥᠭᠵᠢᠭᠦᠯᠵᠦ᠂ ᠵᠤᠭᠠᠴᠠᠭᠰᠠᠳ ᠲᠤ ᠲᠤᠬᠠᠢ ᠶᠢᠨ ᠭᠠᠵᠠᠷ ᠤᠨ ᠰᠣᠶᠣᠯ ᠤᠨ ᠠᠮᠢᠳᠤᠷᠠᠯ ᠢ ᠮᠡᠳᠡᠷᠡᠭᠦᠯᠵᠦ᠂ ︽ᠡᠳᠦᠷ ᠪᠦᠷᠢ ᠶᠢᠨ ᠨᠠᠭᠠᠳᠤᠮ︾ ᠤᠨ ᠵᠤᠭᠠᠴᠠᠯ ᠤᠨ ᠪᠦᠲᠦᠭᠡᠭᠳᠡᠬᠦᠨ ᠢ ᠦᠨᠡᠨᠬᠦ ᠰᠠᠶᠢᠲᠤᠷ ᠴᠣᠭᠴᠠᠯᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠣᠶᠣᠯ ᠵᠤᠭᠠᠴᠠᠯ ᠤᠨ ᠠᠵᠤ ᠦᠢᠯᠡᠰ ᠤᠨ ᠨᠠᠷᠠᠲᠤ ᠲᠡᠮᠳᠡᠭ ᠢ ᠮᠠᠨᠳᠤᠭᠤᠯᠵᠤ᠂ ᠨᠡᠷ᠎ᠡ ᠠᠯᠳᠠᠷ ᠢ ᠮᠠᠨᠳᠤᠭᠤᠯᠵᠤ᠂ ᠬᠥᠮᠥᠰ ᠤᠨ ᠬᠦᠷᠢᠶᠡᠯᠡᠯ ᠢ ᠨᠢᠭᠲᠠᠷᠠᠭᠤᠯᠤᠨ᠎ᠠ ᠭᠡᠵᠡᠢ᠃       ᠪᠤᠷᠭᠠᠰᠤᠲᠠᠢ ᠰᠢᠶᠠᠩ ᠤᠨ ᠬᠢᠩᠭᠠᠨ ᠤᠰᠤᠨ ᠴᠥᠭᠦᠷᠥᠮ ᠳᠤ᠂ ᠰᠦᠨ ᠱᠤ᠋ ᠲᠤᠤ ᠤᠰᠤᠨ ᠴᠥᠭᠦᠷᠥᠮ ᠤᠨ ᠤᠰᠤᠨ ᠲᠦᠪᠰᠢᠨ ᠤᠰᠤᠨ ᠤ ᠪᠠᠶᠢᠳᠠᠯ ᠵᠢᠴᠢ ᠬᠤᠷᠠᠭᠰᠠᠨ ᠢ ᠠᠷᠢᠯᠭᠠᠬᠤ ᠢᠨᠵᠧᠨᠧᠷᠢᠩ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠰᠦᠨ ᠱᠤ᠋ ᠲᠤᠤ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠵᠤ ᠨᠠᠷᠢᠨ ᠠᠳᠬᠤᠵᠤ᠂ ᠭᠤᠣᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠳᠬᠤᠵᠤ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠨᠠᠷᠢᠨ ᠨᠢᠭᠲᠠ ᠲᠣᠬᠢᠷᠠᠭᠤᠯᠤᠨ ᠪᠠᠶᠢᠷᠢᠯᠠᠭᠤᠯᠵᠤ᠂ ᠤᠰᠤᠨ ᠴᠥᠭᠦᠷᠥᠮ ᠤᠨ ᠤᠰᠤᠨ ᠤ ᠪᠠᠶᠢᠳᠠᠯ ᠤᠨ ᠠᠮᠤᠷ ᠲᠦᠪᠰᠢᠨ ᠢ ᠡᠷᠡᠰ ᠪᠠᠲᠤᠯᠠᠵᠤ᠂ ᠶᠠᠰᠤ ᠴᠢᠨᠠᠷ᠂ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠬᠤᠷᠠᠭᠰᠠᠨ ᠢ ᠠᠷᠢᠯᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠢᠨᠵᠧᠨᠧᠷᠢᠩ ᠢ ᠡᠷᠲᠡ ᠪᠠᠶᠢᠭᠤᠯᠵᠤ᠂ ᠡᠷᠲᠡ ᠠᠵᠢᠯᠯᠠᠭᠤᠯᠵᠤ᠂ ᠡᠷᠲᠡ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ ᠭᠡᠵᠡᠢ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号