ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ︽ᠲᠠᠪᠤᠨ ᠶᠡᠭᠡ ᠡᠭᠦᠷᠭᠡ︾ ᠶᠢ ᠬᠢᠨᠠᠨ ᠰᠢᠯᠭᠠᠵᠤ ᠲᠣᠬᠢᠷᠠᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2024/7/18
      7 ᠰᠠᠷ᠎ᠠ ᠶᠢᠨ 16 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ︽ᠲᠠᠪᠤᠨ ᠶᠡᠭᠡ ᠡᠭᠦᠷᠭᠡ ︾ ᠶᠢ ᠬᠢᠨᠠᠨ ᠰᠢᠯᠭᠠᠵᠤ ᠲᠣᠬᠢᠷᠠᠭᠤᠯᠬᠤ ᠬᠤᠷᠠᠯ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠢ ᠲᠤᠸ ᠬᠤᠷᠠᠯ ᠳᠤ ᠣᠷᠣᠯᠴᠠᠵᠠᠢ᠃      ᠬᠤᠷᠠᠯ  ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ 2024 ᠣᠨ ᠤ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠠᠮ ᠤᠨ ᠬᠤᠷᠢᠶ᠎ᠠ ᠶᠢᠨ ᠱᠦᠵᠢ ᠶᠢᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠲᠤᠰᠬᠠᠢ ᠬᠠᠷᠠᠯᠲᠠ ᠶᠢᠨ ᠬᠢᠨᠠᠨ ᠰᠢᠯᠭᠠᠬᠤ ᠭᠦᠢᠴᠡᠳᠬᠡᠯ ᠲᠤᠭ᠎ᠠ ᠪᠣᠯᠭᠠᠬᠤ ᠲᠤᠬᠠᠢ ᠮᠡᠳᠡᠭᠳᠡᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ︽ᠲᠠᠪᠤᠨ ᠶᠡᠭᠡ ᠡᠭᠦᠷᠭᠡ︾ ᠶᠢᠨ ᠲᠤᠰᠬᠠᠢ ᠬᠠᠷᠠᠯᠲᠠ ᠶᠢᠨ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠨᠠᠶᠢᠳᠠᠪᠤᠷᠢᠵᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠢ ᠦᠨᠳᠦᠰᠦᠯᠡᠨ᠂ ᠪᠥᠬᠦ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ︽ᠲᠠᠪᠤᠨ ᠶᠡᠭᠡ ᠡᠭᠦᠷᠭᠡ︾ ᠶᠢ ᠬᠢᠨᠠᠨ ᠰᠢᠯᠭᠠᠵᠤ ᠲᠣᠬᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠳᠡᠭᠡᠳᠦ ᠱᠠᠲᠤ ᠲᠠᠢ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠨ᠂ ᠬᠢᠨᠠᠨ ᠰᠢᠯᠭᠠᠬᠤ ᠠᠭᠤᠯᠭ᠎ᠠ ᠶᠢ ᠲᠣᠳᠣᠷᠬᠠᠶᠢᠯᠠᠵᠤ᠂ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢᠨ ᠴᠢᠭᠯᠡᠯ ᠳᠤ ᠲᠣᠬᠢᠷᠠᠭᠤᠯᠤᠯᠲᠠ ᠬᠢᠵᠦ᠂ ᠭᠦᠢᠴᠡᠳᠬᠡᠯ ᠲᠤᠭ᠎ᠠ ᠶᠢ ᠪᠡᠶᠡᠯᠡᠭᠦᠯᠬᠦ᠂ ᠮᠠᠲ᠋ᠧᠷᠢᠶᠠᠯ ᠢ ᠮᠡᠳᠡᠭᠦᠯᠦᠨ ᠬᠦᠷᠭᠡᠬᠦ ᠵᠡᠷᠭᠡ ᠬᠠᠮᠢᠶ᠎ᠠ ᠪᠦᠬᠦᠢ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠠᠭ ᠲᠤᠨᠢ ᠲᠣᠬᠢᠷᠠᠭᠤᠯᠤᠨ ᠲᠣᠬᠢᠷᠠᠭᠤᠯᠵᠤ᠂ ᠲᠦᠷᠭᠡᠳᠬᠡᠨ ᠠᠬᠢᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠷᠢᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃      ᠬᠤᠰᠢᠭᠤᠨ ᠤ ᠤᠳᠤᠷᠢᠳᠤᠯᠭ᠎ᠠ ᠬᠤᠸᠠᠩ ᠮᠠᠨ ᠯᠢᠶᠠᠩ᠂ ᠸᠠᠩ ᠮᠧᠩ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号