ᠰᠦᠨ ᠱᠤ᠋ ᠲᠤᠸ ᠡᠩ ᠤᠨ ᠨᠠᠮ ᠤᠨ ᠭᠡᠰᠢᠭᠦᠨ ᠤ ᠬᠤᠪᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠢᠶᠠᠨ ᠤ ᠶᠡᠷᠦᠩᠬᠡᠢ ᠡᠭᠦᠷ ᠤᠨ ᠭᠡᠰᠢᠭᠦᠳ ᠤᠨ ᠬᠤᠷᠠᠯ ᠤᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠤᠷᠤᠯᠴᠠᠪᠠ
ᠨᠡᠶᠢᠲᠡᠯᠡᠭᠰᠡᠨ ᠴᠠᠭ᠄
2024/7/2
    7 ᠰᠠᠷ᠎ᠠ ᠶᠢᠨ 1 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ ᠡᠩ ᠤᠨ ᠨᠠᠮ ᠤᠨ ᠭᠡᠰᠢᠭᠦᠨ ᠤ ᠬᠤᠪᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠢᠶᠠᠨ ᠤ ᠠᠯᠪᠠᠨ ᠭᠡᠷ ᠤᠨ ᠶᠡᠷᠦᠩᠬᠡᠢ ᠡᠭᠦᠷ ᠤᠨ ᠭᠡᠰᠢᠭᠦᠳ ᠤᠨ ᠬᠤᠷᠠᠯ ᠤᠨ ᠥᠷᠨᠢᠭᠦᠯᠦᠭᠰᠡᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠵᠤ᠂ ᠨᠠᠮ ᠤᠨ ᠡᠭᠦᠷ ᠤᠨ ᠨᠠᠮ ᠤᠨ ᠭᠡᠰᠢᠭᠦᠨ ᠺᠠᠳ᠋ᠷᠴᠤᠳ ᠲᠠᠢ ᠬᠠᠮᠲᠤ ᠪᠠᠷ ᠰᠤᠷᠤᠯᠴᠠᠨ ᠶᠠᠷᠢᠯᠴᠠᠵᠤ᠂ ᠲᠥᠷᠥᠭᠳᠡᠯ ᠢᠶᠠᠨ ᠰᠣᠯᠢᠯᠴᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠪᠠ᠃     ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠨᠢ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢ ᠴᠢᠩᠭ᠎ᠠ ᠰᠠᠬᠢᠬᠤ᠂ ︽ᠲᠠᠪᠤ ᠶᠢ ᠪᠠᠷᠢᠮᠲᠠᠯᠠᠬᠤ︾ ᠶᠢ ᠦᠢᠯᠡᠳᠦᠯᠭᠡᠵᠢᠭᠦᠯᠬᠦ᠂ ︽ᠭᠤᠷᠪᠠ ᠳᠤ ᠦᠢᠯᠡᠴᠢᠯᠡᠬᠦ︾ ᠶᠢᠨ ᠶᠠᠰᠤ ᠴᠢᠨᠠᠷ ᠦᠷ᠎ᠡ ᠪᠦᠲᠦᠮᠵᠢ ᠪᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠰᠢᠯᠭᠠᠬᠤ ᠪᠠᠷ ᠭᠤᠣᠯ ᠰᠡᠳᠦᠪ ᠪᠣᠯᠭᠠᠨ᠎ᠠ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠤᠨ ᠳᠦᠷᠢᠮ︾ ᠳᠤ ᠵᠠᠰᠠᠪᠤᠷᠢ ᠣᠷᠣᠭᠤᠯᠬᠤ ᠶᠢᠨ ᠴᠢᠬᠤᠯᠠ ᠠᠴᠢ ᠬᠤᠯᠪᠣᠭᠳᠠᠯ ᠢ ᠬᠡᠷᠬᠢᠨ ᠲᠠᠨᠢᠬᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠤᠨ ᠳᠦᠷᠢᠮ︾ ᠤᠨ ᠭᠤᠣᠯ ᠵᠣᠷᠢᠯᠲᠠ ᠴᠢᠬᠤᠯᠠ ᠠᠭᠤᠯᠭ᠎ᠠ ᠶᠢ ᠬᠡᠷᠬᠢᠨ ᠲᠠᠨᠢᠬᠤ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠶᠠᠭᠤᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠲᠦᠷᠦᠭᠦᠯᠡᠨ ᠰᠠᠶᠢᠲᠤᠷ ᠥᠷᠨᠢᠭᠦᠯᠬᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢᠶᠠᠷ ︽ᠭᠤᠷᠪᠠ ᠳᠤ ᠦᠢᠯᠡᠴᠢᠯᠡᠬᠦ︾ ᠠᠵᠢᠯ ᠢ ᠬᠡᠷᠬᠢᠨ ᠠᠬᠢᠭᠤᠯᠬᠤ ᠵᠡᠷᠭᠡ ᠳᠥᠷᠪᠡᠨ ᠲᠠᠯ᠎ᠠ ᠪᠠᠷ ᠬᠠᠮᠲᠤ ᠶᠢᠨ ᠰᠣᠯᠢᠯᠴᠠᠭ᠎ᠠ ᠰᠤᠷᠤᠯᠴᠠᠯᠭ᠎ᠠ ᠬᠢᠭᠰᠡᠨ ᠪᠠᠶᠢᠨ᠎ᠠ᠃     ᠰᠦᠨ ᠱᠤ᠋ ᠲᠤᠤ ᠵᠢᠭᠠᠵᠤ ᠭᠠᠷᠭᠠᠬᠤ ᠳᠠᠭᠠᠨ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠪᠦᠬᠦ ᠺᠠᠳ᠋ᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠨ ᠪᠠᠲᠤ ᠬᠡᠷᠡᠭᠵᠢᠭᠦᠯᠵᠦ᠂ ︽ᠵᠢᠷᠭᠤᠭᠠᠨ ᠰᠠᠬᠢᠯᠭ᠎ᠠ ᠪᠠᠲᠤ︾  ᠶᠢ ᠴᠢᠩᠭ᠎ᠠ ᠰᠠᠬᠢᠵᠤ᠂ ᠶᠡᠷᠦᠩᠬᠡᠢ ᠱᠦᠵᠢ ᠰᠢ ᠶᠢᠨ ᠫᠢᠩ  ᠤ ︽ᠲᠠᠪᠤ ᠶᠢ ᠪᠠᠷᠢᠮᠲᠠᠯᠠᠬᠤ︾ ᠴᠢᠬᠤᠯᠠ ᠱᠠᠭᠠᠷᠳᠠᠯᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠵᠥᠪᠯᠡᠭᠴᠢ ᠬᠠᠪᠰᠤᠷᠤᠭᠴᠢ᠂ ᠱᠠᠯᠠᠪᠳᠠᠭᠤᠯᠤᠨ ᠪᠠᠶᠢᠴᠠᠭᠠᠬᠤ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠡᠭᠦᠷᠭᠡ ᠴᠢᠳᠠᠪᠬᠢ  ᠶᠢᠨ ᠦᠢᠯᠡᠳᠦᠯ  ᠢ ᠪᠦᠲᠦᠮᠵᠢᠲᠡᠢ ᠪᠠᠳᠠᠷᠠᠭᠤᠯᠵᠤ᠂ ︽ᠭᠤᠷᠪᠠ ᠳᠤ ᠦᠢᠯᠡᠴᠢᠯᠡᠬᠦ︾ ᠠᠵᠢᠯ ᠤᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃      ᠬᠤᠰᠢᠭᠤᠨ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠳ᠋ᠢᠩ ᠪᠥᠸᠧ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ ᠯᠢᠦ ᠢᠦᠢ ᠪᠥᠸᠧ ᠲᠤᠰ ᠠᠵᠢᠯᠯᠠᠭ᠎ᠠ ᠳᠤ ᠣᠷᠣᠯᠴᠠᠵᠠᠢ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号