ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2024 ᠣᠨ ᠤ ᠵᠤᠨ ᠤ ᠠᠮᠠᠷᠠᠯᠲᠠ ᠶᠢᠨ ᠠᠨᠠᠷ ᠤᠨ ᠦᠷ᠎ᠡ ᠶᠢᠨ ᠬᠢᠴᠢᠶᠡᠯ ᠤᠨ ᠲᠠᠩᠬᠢᠮ ᠤᠨ ᠬᠢᠴᠢᠶᠡᠯ ᠡᠬᠢᠯᠡᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/7/20
      7 ᠰᠠᠷ᠎ᠠ ᠶᠢᠨ 14 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠲᠠᠷᠠᠭᠠᠴᠢ ᠶᠢᠨ ᠨᠢᠭᠡ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠥᠪᠯᠡᠯ᠂ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠬᠠᠮᠲᠤᠷᠠᠨ ᠡᠷᠭᠢᠯᠡᠭᠰᠡᠨ 2024 ᠣᠨ ᠤ ᠵᠣᠨ ᠤ ᠠᠮᠠᠷᠠᠯᠲᠠ ᠶᠢᠨ ᠠᠨᠠᠷ ᠤᠨ ᠦᠷ᠎ᠡ ᠶᠢᠨ ᠬᠢᠴᠢᠶᠡᠯ ᠤᠨ ᠲᠠᠩᠬᠢᠮ ᠤᠨ ᠬᠢᠴᠢᠶᠡᠯ ᠡᠬᠢᠯᠡᠬᠦ ᠶᠣᠰᠣᠯᠠᠯ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠲᠤ ᠶᠠᠪᠤᠭᠳᠠᠪᠠ᠃       ᠠᠩᠭᠢ ᠡᠬᠢᠯᠡᠬᠦ ᠶᠣᠰᠣᠯᠠᠯ ᠳᠡᠭᠡᠷ᠎ᠡ᠂ ᠭᠤᠣᠯᠯᠠᠨ ᠡᠷᠭᠢᠯᠡᠭᠰᠡᠨ ᠨᠢᠭᠡᠴᠡ ᠠᠴᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠤᠯᠤᠭᠠᠨ ᠬᠤᠲᠠ ᠶᠢᠨ ᠨᠡᠶᠢᠭᠡᠮ ᠲᠣᠭᠤᠷᠢᠭ ᠤᠨ ᠠᠨᠠᠷ ᠤᠨ ᠦᠷ᠎ᠡ ᠶᠢᠨ ᠬᠢᠴᠢᠶᠡᠯ ᠤᠨ ᠲᠠᠩᠬᠢᠮ ᠢ ᠬᠠᠮᠲᠤ ᠳᠤᠨᠢ ᠡᠬᠢᠯᠡᠭᠦᠯᠬᠦ ᠪᠠᠷ ᠵᠠᠷᠯᠠᠪᠠ᠃ ᠲᠤᠰ ᠠᠵᠢᠯᠯᠠᠭ᠎ᠠ ᠨᠢ ᠬᠠᠷᠢᠶᠠᠲᠤ ᠣᠷᠣᠨ ᠤ ᠬᠡᠦᠬᠡᠳ ᠤᠨ ᠳᠤᠷ᠎ᠠ ᠰᠣᠨᠢᠷᠬᠠᠯ᠂ ᠰᠡᠳᠬᠢᠴᠡ ᠶᠢᠨ ᠬᠥᠭᠵᠢᠯᠲᠡ ᠶᠢᠨ ᠣᠨᠴᠠᠯᠢᠭ ᠠᠴᠠ ᠡᠭᠦᠰᠴᠦ᠂ ᠲᠤᠰᠬᠠᠢ ᠮᠡᠷᠭᠡᠵᠢᠯ ᠤᠨ ᠪᠠᠭᠰᠢ ᠶᠢ ᠤᠷᠢᠵᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠦᠨ ᠥᠪᠡᠷ ᠢ ᠪᠠᠨ ᠬᠠᠮᠠᠭᠠᠯᠠᠬᠤ᠂ ᠫᠷᠣᠭ᠍ᠷᠠᠮ ᠨᠠᠶᠢᠷᠠᠭᠤᠯᠬᠤ᠂ ᠭᠠᠷ ᠦᠢᠯᠡᠳᠬᠡᠯ᠂ ᠶᠣᠰᠣᠯᠠᠯ ᠤᠨ ᠪᠠᠭ᠎ᠠ ᠬᠢᠴᠢᠶᠡᠯ ᠤᠨ ᠲᠠᠩᠬᠢᠮ ᠵᠡᠷᠭᠡ ᠪᠠᠶᠠᠯᠢᠭ ᠰᠠᠶᠢᠬᠠᠨ ᠬᠢᠴᠢᠶᠡᠯ ᠢ ᠨᠡᠭᠡᠭᠡᠵᠦ᠂ ᠬᠡᠦᠬᠡᠳ ᠲᠤ ᠰᠤᠷᠤᠯᠴᠠᠯᠭ᠎ᠠ ᠶᠢᠨ ᠳᠤᠮᠳᠠ ᠮᠡᠳᠡᠯᠭᠡ ᠶᠢᠨ ᠰᠢᠮ᠎ᠡ ᠲᠡᠵᠢᠭᠡᠯ ᠬᠦᠷᠲᠡᠭᠡᠵᠦ᠂ ᠲᠠᠨᠢᠨ ᠮᠡᠳᠡᠬᠦᠢ ᠶᠢᠨ ᠴᠢᠳᠠᠪᠤᠷᠢ᠂ ᠰᠢᠨ᠎ᠡ ᠶᠢ ᠡᠭᠦᠳᠬᠦ ᠤᠬᠠᠮᠰᠠᠷ ᠪᠠ ᠦᠢᠯᠡᠳᠦᠯᠭᠡ ᠶᠢᠨ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠵᠡᠢ᠃       ᠲᠣᠰ ᠠᠵᠢᠯᠯᠠᠭ᠎ᠠ ᠳᠤ ᠪᠠᠰᠠ ᠠᠨᠠᠷ ᠤᠨ ᠦᠷ᠎ᠠ ᠶᠢᠨ ᠵᠢᠵᠢᠭ ᠬᠢᠴᠢᠶᠡᠯ ᠤᠨ ᠲᠠᠩᠬᠢᠮ ᠤᠨ ᠰᠤᠷᠤᠭᠴᠢᠳ ᠲᠤ ᠵᠢᠵᠢᠭ ᠪᠢᠴᠢᠭ ᠤᠨ ᠪᠣᠭᠴᠣ ᠣᠯᠭᠤᠪᠠ᠃      ︽ᠠᠨᠠᠷ ᠤᠨ ᠦᠷ᠎ᠡ ᠶᠢᠨ ᠬᠢᠴᠢᠶᠡᠯ ᠤᠨ ᠲᠠᠩᠬᠢᠮ ᠨᠡᠭᠡᠭᠡᠭᠰᠡᠨ ᠨᠢ ᠬᠤᠣᠰ ᠠᠵᠢᠯᠲᠠᠨ ᠤ ᠭᠡᠷ ᠪᠦᠯᠢ ᠶᠢᠨ ᠦᠷ᠎ᠡ ᠬᠡᠦᠬᠡᠳ᠂ ᠭᠡᠷ ᠲᠡᠭᠡᠨ ᠬᠤᠴᠣᠷᠤᠭᠰᠠᠨ ᠬᠡᠦᠬᠡᠳ ᠢ ᠠᠮᠠᠷᠠᠯᠲᠠ ᠶᠢᠨ ᠬᠤᠭᠤᠴᠠᠭᠠᠨ ᠳᠤ ᠬᠠᠷᠠᠵᠤ ᠬᠠᠷᠠᠭᠠᠯᠵᠠᠬᠤ ᠬᠥᠮᠥᠨ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠵᠡᠢ᠃ ᠬᠡᠳᠦᠨ ᠵᠢᠯ ᠤᠨ ᠲᠤᠷᠰᠢ᠂ ᠠᠨᠠᠷ ᠤᠨ ᠦᠷ᠎ᠡ ᠶᠢᠨ ᠬᠢᠴᠢᠶᠡᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠮᠲᠤ ᠪᠠᠷ ᠨᠣᠮ ᠦᠵᠡᠬᠦ᠂ ᠬᠠᠮᠲᠤ ᠪᠠᠷ ᠨᠤᠮ ᠤᠩᠰᠢᠬᠤ᠂ ᠬᠠᠮᠲᠤ ᠪᠠᠷ ᠵᠤᠭᠠᠴᠠᠬᠤ᠂ ᠬᠠᠮᠲᠤ ᠪᠠᠷ ᠵᠢᠷᠤᠭᠯᠠᠬᠤ᠂ ᠬᠠᠮᠲᠤ ᠪᠠᠷ ᠳᠠᠭᠤᠯᠠᠬᠤ ︿ᠲᠠᠪᠤᠨ ᠬᠠᠮᠲᠤ﹀ ᠨᠠᠷᠠᠲᠤ ᠲᠡᠮᠳᠡᠭ  ᠢ ᠪᠣᠶ ᠪᠣᠯᠭᠠᠵᠤ᠂ ᠬᠡᠦᠬᠡᠳ ᠤᠳ ᠤᠨ ᠰᠤᠷᠭᠠᠨ ᠬᠥᠮᠦᠵᠢᠯ  ᠢ ᠪᠠᠶᠠᠷ ᠴᠡᠩᠭᠡᠯ ᠤᠨ ᠳᠤᠮᠳᠠ ᠡᠷᠳᠡᠮ ᠮᠡᠳᠡᠯᠭᠡ ᠪᠠᠨ ᠨᠡᠮᠡᠭᠳᠡᠭᠦᠯᠵᠦ᠂ ᠬᠠᠷᠠᠭ᠎ᠠ ᠪᠠᠨ ᠥᠷᠭᠡᠳᠬᠡᠵᠡᠢ᠃︾ ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠭᠡᠰᠢᠭᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠵᠠᠩ ᠬᠤᠢ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号