ᠳᠠᠬᠢᠨᠲᠠ ᠥᠨᠳᠥᠷ ᠲᠤ ᠠᠪᠠᠷᠢᠨ ᠰᠢᠨ᠎ᠡ ᠶᠢᠷᠲᠢᠨᠴᠦ ᠶᠢ ᠨᠡᠭᠡᠭᠡᠨ᠎ᠡ - ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠤᠨ ᠮᠡᠨᠳᠦᠯᠡᠭᠰᠡᠨ ᠲᠡᠮᠳᠡᠭᠯᠡᠯ
ᠨᠡᠶᠢᠲᠡᠯᠡᠭᠰᠡᠨ ᠴᠠᠭ᠄
2024/7/24
     ︵ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 22 ᠤᠨ ᠴᠠᠭᠢᠯᠭᠠᠨ ᠮᠡᠳᠡᠭᠡ︶   ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠲᠡᠶᠢᠰᠢ ᠡᠷᠡᠮᠡᠬᠡᠶᠢᠯᠡᠨ ᠤᠷᠤᠭᠰᠢᠯᠠᠬᠤ ᠳᠤᠮᠳᠠ᠂ ᠨᠠᠮ ᠪᠣᠯᠣᠨ ᠤᠯᠤᠰ ᠪᠠᠰᠠ ᠨᠢᠭᠡᠨ ᠲᠡᠦᠬᠡᠲᠦ ᠴᠢᠨᠠᠷᠲᠠᠢ ᠴᠠᠭ ᠮᠥᠴᠡ ᠶᠢ ᠤᠭᠲᠤᠨ ᠠᠪᠤᠯ᠎ᠠ      2024 ᠣᠨ ᠤ 7 ᠰᠠᠷ᠎ᠠ ᠶᠢᠨ 18 ᠤ ᠦᠳᠡ ᠶᠢᠨ ᠬᠤᠶᠢᠨ᠎ᠠ᠂ ᠨᠢᠵᠢᠭᠢᠨᠡᠭᠰᠡᠨ ᠠᠯᠠᠭ᠎ᠠ ᠲᠡᠰᠢᠯᠲᠡ ᠶᠢᠨ ᠳᠤᠮᠳᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ ᠵᠢᠩᠬᠢᠨᠢ ᠪᠠᠷ ᠪᠠᠲᠤᠯᠠᠪᠠ᠃      ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠲᠡᠦᠬᠡ ᠶᠢᠨ ᠵᠠᠩᠭᠢᠯᠠᠭ᠎ᠠ  ᠳᠡᠭᠡᠷ᠎ᠡ ᠵᠣᠭᠰᠣᠵᠤ᠂ ᠪᠠᠰᠠ ᠨᠢᠭᠡ ᠤᠳᠠᠭ᠎ᠠ ᠶᠢᠨ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠴᠢᠬᠤᠯᠠ ᠬᠤᠷᠠᠯ ᠠᠮᠵᠢᠯᠲᠠ ᠲᠠᠢ ᠬᠤᠷᠠᠯᠳᠤᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠤᠷᠤᠭᠰᠢᠯᠠᠯᠲᠠ ᠶᠢᠨ ᠪᠦᠷᠢᠶ᠎ᠡ ᠲᠤᠮᠳᠠᠳᠤ ᠶᠢᠨ ᠡᠬᠡ ᠭᠠᠵᠠᠷ ᠲᠤ ᠬᠠᠩᠭᠢᠨᠠᠯ᠎ᠠ᠃      ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠴᠢᠩ ᠵᠣᠷᠢᠭ ᠬᠤᠪᠢᠷᠠᠰᠢ ᠦᠭᠡᠢ ᠪᠠᠷ ᠵᠣᠷᠢᠭᠲᠠᠢ ᠪᠠᠷ ᠤᠷᠤᠭᠰᠢᠯᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠳᠠᠮᠵᠢᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠷᠠᠭᠤᠯ ᠢᠷᠡᠭᠡᠳᠦᠢ ᠶᠢ ᠨᠡᠭᠡᠭᠡᠵᠦ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠲᠠᠰᠤᠷᠠᠯᠲᠠ ᠦᠭᠡᠢ ᠠᠬᠢᠭᠤᠯᠪᠠ᠃      ᠥᠭᠡᠷᠡᠴᠢᠯᠡᠯᠲᠡ ᠶᠢᠨ ᠲᠤᠭ ᠢ ᠥᠨᠳᠥᠷ ᠮᠠᠨᠳᠤᠭᠤᠯᠵᠤ ᠴᠠᠭ ᠦᠶ᠎ᠡ ᠶᠢᠨ ᠰᠡᠳᠦᠪ ᠲᠤ ᠬᠠᠷᠢᠭᠤᠯᠲᠠ ᠥᠭᠭᠦᠨ᠎ᠡ - ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠨᠥᠯᠥᠭᠡᠯᠡᠬᠦ ᠪᠠᠶᠢᠭᠤᠯᠤᠯ ᠲᠣᠭᠲᠠᠴᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠥᠭᠡᠷᠡᠴᠢᠯᠡᠯᠲᠡ ᠨᠡᠭᠡᠭᠡᠯᠲᠡ ᠭᠡᠬᠦ ᠴᠢᠬᠤᠯᠠ ᠡᠷᠳᠡᠨᠢ ᠶᠢ ᠰᠠᠶᠢᠲᠤᠷ ᠬᠡᠷᠡᠭᠯᠡᠵᠦ᠂ ᠥᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ ᠬᠢᠨ᠎ᠡ      2024 ᠣᠨ ᠤ 4 ᠰᠠᠷ᠎ᠠ ᠶᠢᠨ ᠡᠴᠦᠰ ᠢᠶᠠᠷ᠂ ᠨᠢᠭᠡᠨ ᠴᠢᠬᠤᠯᠠ ᠮᠡᠳᠡᠭᠡ ᠰᠢᠨᠬᠤᠸᠠ ᠬᠤᠷᠢᠶᠠᠨ ᠤ ᠴᠠᠭᠢᠯᠭᠠᠨ ᠳᠣᠯᠭᠢᠶᠠᠨ ᠢᠶᠠᠷ ᠳᠠᠮᠵᠢᠨ ᠬᠥᠬᠡᠮᠥ᠋ᠷᠡᠨ ᠤ ᠡᠮᠦᠨ᠎ᠡ ᠤᠮᠠᠷ᠎ᠠ ᠳᠤ ᠲᠠᠷᠬᠠᠪᠠ -      ︽ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ 4 ᠰᠠᠷ᠎ᠠ ᠶᠢᠨ 30 ᠤ ᠡᠳᠦᠷ ᠬᠤᠷᠠᠯ ᠬᠤᠷᠠᠯᠳᠤᠭᠤᠯᠵᠤ᠂ ᠡᠨᠡ ᠵᠢᠯ ᠤᠨ 7 ᠰᠠᠷ᠎ᠠ ᠳᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠢ ᠬᠤᠷᠠᠯᠳᠤᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠭᠤᠣᠯᠳᠠᠯᠭ᠎ᠠ ᠲᠠᠢ ᠰᠤᠳᠤᠯᠬᠤ ᠪᠠᠷ ᠲᠣᠭᠲᠠᠪᠠ︾᠃      ︽ᠳᠤᠮᠳᠠᠳᠤ ᠤᠯᠤᠰ ᠤᠨ ᠤᠯᠤᠰ ᠲᠥᠷᠥ ᠶᠢᠨ ᠠᠵᠢᠯ ᠤᠨ ᠳᠠᠷᠠᠭᠠᠯᠠᠯ ᠤᠨ ᠬᠦᠰᠦᠨᠦᠭᠲᠦ ᠳᠡᠭᠡᠷᠡᠬᠢ ᠬᠠᠮᠤᠭ ᠤᠨ ᠴᠢᠬᠤᠯᠠ ᠬᠤᠷᠠᠯ ᠤᠨ ᠨᠢᠭᠡ︾᠂ ︽ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠤᠳᠠᠭ᠎ᠠ ᠪᠦᠷᠢ ᠶᠢᠨ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠨᠢ ᠴᠥᠮ ᠥᠭᠡᠷᠡᠴᠢᠯᠡᠯᠲᠡ ᠶᠢᠨ ᠵᠥᠪᠯᠡᠬᠦ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠤᠯᠤᠰ ᠤᠨ ᠢᠷᠡᠭᠡᠳᠦᠢ ᠶᠢᠨ ᠲᠠᠪᠤ ᠠᠴᠠ ᠠᠷᠪᠠᠨ ᠵᠢᠯ ᠤᠨ ᠬᠥᠭᠵᠢᠯᠲᠡ ᠶᠢ ᠤᠬᠠᠭᠠᠯᠠᠨ ᠲᠥᠯᠥᠪᠯᠡᠵᠦ ᠪᠠᠶᠢᠷᠢᠯᠠᠭᠤᠯᠤᠯᠲᠠ ᠬᠢᠭᠰᠡᠨ ᠪᠠᠶᠢᠨ᠎ᠠ᠂ ᠡᠶᠢᠮᠦ ᠠᠴᠠ ᠬᠥᠮᠥᠰ ᠨᠡᠩ ᠢᠯᠡᠭᠦᠦ ᠬᠦᠰᠡᠨ ᠬᠦᠯᠢᠶᠡᠨ᠎ᠡ︾ ᠁ ᠤᠯᠤᠰ ᠤᠨ ᠳᠣᠲᠣᠭᠠᠳᠤ ᠭᠠᠳᠠᠭᠠᠳᠤ ᠶᠢᠨ ᠠᠩᠬᠠᠷᠤᠯ ᠤᠨ ᠬᠠᠷᠠᠴᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡᠨ ᠳᠡᠭᠡᠷᠡᠬᠢ ᠪᠠᠰᠠ ᠨᠢᠭᠡ ᠤᠳᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ - ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠤ ᠲᠥᠪᠯᠡᠷᠡᠭᠰᠡᠨ ᠪᠠᠶᠢᠨ᠎ᠠ᠃      ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠨᠢ ᠲᠦᠭ ᠲᠦᠮᠡᠨ ᠳᠤᠮᠳᠠᠳᠤ ᠶᠢᠨ ᠬᠥᠪᠡᠭᠦᠳ ᠥᠬᠢᠳ ᠤᠨ ᠰᠡᠳᠬᠢᠯ ᠳᠤ ᠬᠦᠨᠳᠦ ᠴᠢᠬᠤᠯᠠ ᠬᠤᠪᠢ ᠶᠢᠨ ᠵᠢᠩ ᠢ ᠡᠵᠡᠯᠡᠬᠦ ᠶᠤᠮ᠃      ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠪᠣᠯ ᠴᠠᠭ ᠦᠶ᠎ᠡ ᠶᠢ ᠵᠠᠭᠠᠭᠯᠠᠵᠤ᠂ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠶᠢ ᠨᠡᠭᠡᠭᠡᠪᠡ᠃      ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠠᠭᠤᠤ ᠶᠡᠭᠡ ᠲᠡᠦᠬᠡ ᠶᠢᠨ ᠰᠠᠨᠠᠭᠠᠴᠢᠯᠠᠭᠠᠲᠤ ᠴᠢᠨᠠᠷ᠂ ᠯᠤᠲᠤ ᠶᠡᠭᠡ ᠤᠯᠤᠰ ᠲᠥᠷᠥ ᠶᠢᠨ ᠰᠥᠰᠥ ᠵᠣᠷᠢᠭ᠂ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢᠶᠠᠷ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠪᠡᠶ᠎ᠡ ᠪᠠᠷ ᠢᠶᠠᠨ ᠤᠬᠠᠭᠠᠯᠠᠨ ᠲᠥᠯᠥᠪᠯᠡᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠲᠦᠯᠬᠢᠨ ᠠᠬᠢᠭᠤᠯᠵᠤ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠭᠠᠭᠤᠯᠤᠨ ᠤᠷᠢᠳ ᠡᠮᠦᠨ᠎ᠡ ᠪᠠᠶᠢᠭ᠎ᠠ ᠦᠭᠡᠢ ᠡᠷᠴᠢᠮ ᠢᠶᠠᠷ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠣᠷᠣᠨ ᠵᠠᠢ ᠶᠢ ᠨᠡᠭᠡᠭᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠰᠥᠷᠴᠦ ᠪᠣᠯᠣᠰᠢ ᠦᠭᠡᠢ ᠲᠡᠦᠬᠡᠨ ᠶᠠᠪᠤᠴᠠ ᠳᠤ ᠣᠷᠣᠪᠠ᠃      ᠳᠡᠯᠡᠬᠡᠢ ᠳ᠋ᠠᠬᠢᠨ ᠢ ᠪᠠᠷᠠᠯᠠᠬᠤᠶ᠎ᠠ᠂ ᠠᠯᠢ ᠴᠤ ᠤᠯᠤᠰ ᠪᠠ ᠲᠦᠷᠦ ᠶᠢᠨ ᠨᠠᠮ ᠭᠡᠳ ᠡᠶᠢᠮᠦ ᠤᠯᠤᠰ ᠲᠦᠷᠦ ᠶᠢᠨ ᠰᠥᠰᠥ ᠵᠣᠷᠢᠭ ᠪᠠ ᠲᠡᠦᠬᠡᠨ ᠡᠭᠦᠷᠭᠡᠯᠡᠯ ᠢᠶᠠᠷ᠂ ᠳᠠᠯᠠᠶᠢᠴᠠ ᠶᠡᠬᠡᠲᠡᠢ ᠡᠷᠡᠰ ᠰᠢᠭᠤᠷᠬᠠᠢ ᠪᠠᠷ᠂ ᠬᠢᠲᠤᠭᠠᠨ ᠢᠷ ᠢ ᠳᠣᠲᠣᠭᠰᠢ ᠪᠠᠨ ᠬᠠᠨᠳᠤᠭᠤᠯᠵᠤ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ ᠴᠢᠳᠠᠭᠰᠠᠨ ᠦᠭᠡᠢ ᠶᠤᠮ᠂ ᠠᠯᠢ ᠴᠤ ᠤᠯᠤᠰ ᠪᠠ ᠲᠦᠷᠦ ᠶᠢᠨ ᠨᠠᠮ ᠭᠡᠳ ᠡᠶᠢᠮᠦ ᠣᠬᠤᠷᠬᠠᠨ ᠬᠤᠭᠤᠴᠠᠭᠠᠨ ᠳᠤ ᠡᠶᠢᠮᠦ ᠶᠡᠭᠡ ᠬᠡᠪᠴᠢᠶ᠎ᠡ᠂ ᠡᠶᠢᠮᠦ ᠶᠡᠭᠡ ᠬᠡᠮᠵᠢᠶ᠎ᠡ᠂ ᠡᠶᠢᠮᠦ ᠶᠡᠭᠡ ᠡᠷᠴᠢᠮ ᠲᠠᠢ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠴᠢᠳᠠᠭᠰᠠᠨ ᠦᠭᠡᠢ ᠶᠤᠮ᠂ ᠠᠯᠢ ᠴᠤ ᠤᠯᠤᠰ ᠪᠠ ᠲᠦᠷᠦ ᠶᠢᠨ ᠨᠠᠮ ᠭᠡᠳ ᠥᠭᠡᠷᠡᠴᠢᠯᠡᠯᠲᠡ ᠶᠢᠨ ᠠᠬᠢᠴᠠ ᠳᠤᠮᠳᠠ ᠡᠶᠢᠮᠦ ᠲᠡᠦᠬᠡᠲᠦ ᠴᠢᠨᠠᠷᠲᠠᠢ ᠬᠤᠪᠢᠰᠤᠯᠲᠠ ᠶᠢ ᠣᠯᠵᠤ᠂ ᠰᠢᠰᠲ᠋ᠧᠮᠲᠦ ᠴᠢᠨᠠᠷᠲᠠᠢ ᠪᠠᠷ ᠲᠠᠭᠢᠨ ᠴᠣᠭᠴᠠᠯᠠᠨ ᠪᠠᠶᠢᠭᠤᠯᠵᠤ᠂ ᠪᠦᠬᠦᠯᠢ ᠴᠣᠭᠴᠠ ᠶᠢᠨ ᠴᠢᠨᠠᠷᠲᠠᠢ ᠪᠠᠷ ᠲᠠᠭᠢᠨ ᠪᠠᠶᠢᠭᠤᠯᠵᠤ ᠴᠢᠳᠠᠭᠰᠠᠨ ᠦᠭᠡᠢ ᠶᠤᠮ᠃     ᠰᠢᠨ᠎ᠡ ᠴᠠᠭ ᠦᠶ᠎ᠡ ᠠᠴᠠ ᠨᠠᠭᠠᠰᠢᠬᠢ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠠᠮᠵᠢᠯᠲᠠ ᠲᠠᠢ ᠦᠢᠯᠡᠳᠦᠯᠭᠡ ᠪᠣᠯᠣᠨ ᠠᠭᠤᠤ ᠶᠡᠭᠡ ᠠᠮᠵᠢᠯᠲᠠ ᠪᠦᠲᠦᠮᠵᠢ ᠶᠢ ᠡᠷᠭᠢᠴᠡᠭᠦᠯᠬᠦᠶ᠎ᠡ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠴᠤ ᠴᠠᠭ ᠦᠶ᠎ᠡ ᠶᠢ ᠵᠠᠭᠠᠭᠯᠠᠵᠤ᠂ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠥᠭᠡᠷᠡᠴᠢᠯᠡᠯᠲᠡ ᠶᠢ ᠰᠢᠰᠲ᠋ᠧᠮ ᠲᠠᠢ ᠪᠦᠬᠦᠯᠢ ᠴᠣᠭᠴᠠ ᠪᠠᠷ ᠲᠥᠯᠥᠪᠯᠡᠨ ᠲᠦᠯᠬᠢᠨ ᠠᠬᠢᠭᠤᠯᠬᠤ ᠰᠢᠨ᠎ᠡ ᠠᠶᠠᠨ ᠵᠠᠮ ᠢ ᠡᠬᠢᠯᠡᠭᠦᠯᠵᠦ᠂ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠴᠣ ᠰᠢᠨ᠎ᠡ ᠪᠠᠶᠢᠳᠠᠯ ᠢ ᠨᠡᠭᠡᠭᠡᠪᠡ᠃     ᠴᠠᠭ ᠮᠥᠴᠡ ᠪᠣᠯ ᠦᠨᠡᠨᠴᠢ ᠰᠢᠳᠤᠷᠭᠤ ᠭᠡᠷᠡᠴᠢᠯᠡᠭᠴᠢ᠂ ᠠᠷᠠᠳ ᠲᠦᠮᠡᠨ ᠪᠣᠯ ᠠᠭᠤᠤ ᠶᠡᠭᠡ ᠪᠢᠴᠢᠭᠯᠡᠭᠴᠢ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号