ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ | ᠠᠵᠢᠯ ᠤᠨ ᠬᠤᠷᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠪᠠᠶᠢᠴᠠᠭᠠᠬᠤ ᠠᠩᠭᠢ᠂ ᠤᠯᠤᠰ ᠲᠥᠷᠥ ᠶᠢᠨ | ᠵᠥᠪᠯᠡᠯᠭᠡᠨ ᠤ ᠲᠠᠪᠤᠳᠤᠭᠠᠷ ᠠᠵᠢᠯᠯᠠᠭᠠᠨ ᠤ ᠳᠤᠭᠤᠶᠢᠯᠠᠩ ᠤᠨ ᠬᠠᠮᠲᠤᠷᠠᠨ ᠡᠷᠭᠢᠯᠡᠭᠰᠡᠨ ︽ᠤᠮᠠᠷᠠᠲᠤ ᠬᠢᠯᠢ ᠶᠢᠨ | ᠰᠣᠶᠣᠯ ᠤᠨ ᠠᠨᠠᠷ ᠤᠨ ᠦᠷ᠎ᠡ ᠶᠢᠨ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ︾ ᠤᠨ ᠠᠩᠭᠢ ᠡᠬᠢᠯᠡᠬᠦ | ᠶᠣᠰᠣᠯᠠᠯ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠶᠠᠪᠤᠭᠳᠠᠪᠠ᠃ | ᠠᠩᠭᠢ ᠡᠬᠢᠯᠡᠬᠦ ᠶᠣᠰᠣᠯᠠᠯ ᠳᠤ ᠰᠡᠳᠬᠢᠴᠡ ᠵᠦᠢ᠂ ᠤᠯᠤᠰ ᠤᠨ ᠰᠤᠷᠭᠠᠭᠤᠯᠢ᠂ ᠭᠡᠷ ᠪᠦᠯᠢ ᠶᠢᠨ ᠰᠤᠷᠭᠠᠨ | ᠬᠥᠮᠦᠵᠢᠯ ᠵᠡᠷᠭᠡ ᠲᠠᠯ᠎ᠠ ᠶᠢᠨ ᠨᠡᠶᠢᠲᠡ ᠶᠢᠨ ᠠᠰᠠᠷᠠᠮᠵᠢ ᠶᠢᠨ ᠯᠧᠺᠲ᠋ᠣᠷ ᠢ ᠤᠷᠢᠵᠤ᠂ ᠭᠡᠷ ᠤᠨ ᠰᠤᠷᠲᠠᠯ ᠭᠡᠷ ᠤᠨ | ᠰᠤᠷᠭᠠᠯ ᠢ ᠴᠢᠬᠤᠯᠠᠴᠢᠯᠠᠬᠤ ᠶᠢᠨ ᠲᠣᠭᠤᠷᠢᠨ ᠳᠤ᠂ ᠡᠶ᠎ᠡ ᠵᠣᠬᠢᠴᠠᠩᠭᠤᠢ ᠡᠴᠢᠭᠡ ᠡᠬᠡ ᠦᠷ᠎ᠡ ᠬᠡᠦᠬᠡᠳ ᠤᠨ | ᠬᠠᠷᠢᠴᠠᠭ᠎ᠠ᠂ ᠳᠣᠲᠣᠨᠣ ᠬᠠᠷᠢᠴᠠᠭ᠎ᠠ᠂ ᠭᠡᠷ ᠪᠦᠯᠢ ᠶᠢᠨ ᠡᠰᠢ ᠶᠣᠰᠣᠨ ᠤ ᠬᠠᠷᠢᠴᠠᠭ᠎ᠠ ᠶᠢ ᠪᠠᠶᠢᠭᠤᠯᠵᠤ᠂ ᠨᠠᠮ ᠤᠨ | ᠭᠡᠰᠢᠭᠦᠨ ᠺᠠᠳ᠋ᠷᠴᠤᠳ ᠤᠨ ᠠᠵᠢᠯ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠬᠥᠭᠵᠢᠭᠡᠵᠦ᠂ ᠤᠯᠤᠰ ᠢᠶᠠᠨ | ᠬᠠᠶᠢᠷᠠᠯᠠᠵᠤ ᠠᠵᠢᠯ ᠤᠨ ᠪᠠᠶᠢᠷᠢ ᠪᠠᠨ ᠬᠠᠶᠢᠷᠠᠯᠠᠬᠤ ᠤᠬᠠᠮᠰᠠᠷ ᠢ ᠴᠢᠩᠭᠠᠳᠬᠠᠵᠤ᠂ ᠰᠠᠶᠢᠨ ᠰᠠᠶᠢᠬᠠᠨ ᠰᠡᠳᠬᠢᠴᠡ ᠶᠢᠨ | ᠪᠠᠶᠢᠳᠠᠯ ᠢ ᠪᠠᠲᠤᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠦᠨᠳᠦᠰᠦᠨ | ᠮᠡᠳᠡᠯᠭᠡ ᠶᠢ ᠪᠠᠲᠤᠳᠬᠠᠬᠤ ᠵᠡᠷᠭᠡ ᠠᠭᠤᠯᠭ᠎ᠠ ᠶᠢ ᠲᠤᠬᠠᠢ ᠶᠢᠨ ᠲᠠᠯᠠᠪᠤᠷ ᠲᠤ ᠬᠢᠴᠢᠶᠡᠯ ᠣᠷᠣᠵᠤ᠂ ᠥᠷᠭᠡᠨ ᠣᠯᠠᠨ | ᠺᠠᠳ᠋ᠷ ᠠᠵᠢᠯᠲᠠᠨ ᠢ ᠬᠠᠪᠰᠤᠷᠤᠨ ᠰᠤᠷᠤᠯᠴᠠᠭᠤᠯᠤᠨ ᠤᠷᠮ᠎ᠠ ᠰᠡᠳᠬᠢᠯᠭᠡ ᠶᠢ ᠨᠢ ᠵᠣᠬᠢᠴᠠᠭᠤᠯᠵᠤ᠂ ᠠᠵᠢᠯ ᠤᠨ | ᠳᠠᠷᠤᠭᠠᠰᠤ ᠶᠢ ᠨᠢ ᠬᠥᠩᠭᠡᠷᠡᠭᠦᠯᠵᠦ᠂ ᠠᠵᠢᠯ ᠤᠨ ᠢᠳᠡᠪᠬᠢᠵᠢᠯ ᠪᠠ ᠵᠣᠯ ᠵᠢᠷᠭᠠᠯᠲᠤ ᠲᠥᠷᠥᠭᠳᠡᠯ ᠢ ᠨᠢ | ᠳᠡᠭᠡᠭᠰᠢᠯᠡᠭᠦᠯᠦᠨ᠎ᠡ᠃ |