ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ EOD ᠲᠦᠷᠦᠯ ᠵᠦᠢᠯ ᠤᠨ ᠰᠣᠯᠢᠯᠴᠠᠭᠠᠨ ᠤ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2024/7/4
     6 ᠰᠠᠷ᠎ᠠ ᠶᠢᠨ 28 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ EOD ᠲᠥᠷᠥᠯ ᠵᠦᠢᠯ ᠤᠨ ᠰᠣᠯᠢᠯᠴᠠᠭᠠᠨ ᠤ ᠰᠠᠭᠤᠳᠠᠯ ᠤᠨ ᠬᠤᠷᠠᠯ ᠬᠢᠪᠡ᠃ ᠳᠤᠮᠳᠠᠳᠤ ᠤᠯᠤᠰ ᠤᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠰᠦᠨ ᠸᠧᠢ ᠪᠦᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠢ ᠲᠤᠸ᠂ ᠳᠤᠮᠳᠠᠳᠤ ᠤᠯᠤᠰ ᠤᠨ ᠣᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠢᠵᠠᠭᠠᠷᠲᠤ ᠺᠣᠮᠫᠠᠨᠢ ᠵᠡᠷᠭᠡ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃     ᠬᠤᠷᠠᠯ ᠠᠴᠠ ᠲᠦᠷᠦᠯ ᠵᠦᠢᠯ ᠢ ᠬᠡᠷᠡᠭᠵᠢᠭᠦᠯᠦᠭᠰᠡᠨ ᠨᠢᠭᠡᠴᠡ ᠶᠢᠨ EOD ᠲᠦᠷᠦᠯ ᠵᠦᠢᠯ ᠤᠨ ᠠᠬᠢᠴᠠ ᠶᠢᠨ ᠪᠠᠶᠢᠳᠠᠯ ᠵᠢᠴᠢ ᠳᠠᠷᠠᠭᠠᠴᠢ ᠶᠢᠨ ᠠᠯᠬᠤᠮ ᠤᠨ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠴᠠᠢ᠃       ᠰᠦᠨ ᠸᠧᠢ ᠪᠦᠦ᠂ ᠡᠯ᠎ᠡ ᠲᠦᠷᠦᠯ ᠵᠦᠢᠯ ᠢ ᠬᠡᠷᠡᠭᠵᠢᠭᠦᠯᠬᠦ ᠠᠵᠤ ᠠᠬᠤᠶᠢᠯᠠᠯ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠦᠨᠳᠦᠰᠦᠯᠡᠵᠦ᠂ ᠬᠡᠷᠡᠭᠵᠢᠭᠦᠯᠬᠦ ᠲᠥᠰᠥᠯ ᠢ ᠴᠢᠩᠭ᠎ᠠ ᠵᠢᠷᠤᠮᠯᠠᠨ ᠪᠦᠬᠦ ᠲᠠᠯ᠎ᠠ ᠪᠠᠷ ᠠᠬᠢᠭᠤᠯᠵᠤ᠂ ᠲᠦᠷᠦᠯ ᠵᠦᠢᠯ ᠤᠨ ᠲᠥᠯᠦᠪᠵᠢᠭᠦᠯᠭᠡ ᠶᠢ ᠴᠢᠩᠭᠠᠳᠬᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠠᠰᠠᠭ ᠤᠨ ᠣᠷᠳᠣᠨ ᠯᠤᠭ᠎ᠠ ᠶᠢᠨ ᠣᠯᠣᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠪᠣᠯᠣᠨ ᠬᠤᠯᠪᠣᠭᠳᠠᠬᠤ ᠠᠵᠤ ᠦᠢᠯᠡᠰ ᠤᠨ ᠲᠦᠷᠦᠯ ᠵᠦᠢᠯ ᠢ ᠪᠦᠲᠦᠮᠵᠢᠲᠡᠢ ᠠᠭᠤᠰᠤᠯᠴᠠᠭᠤᠯᠵᠤ᠂ ᠠᠮᠢ ᠠᠬᠤᠢ ᠶᠢᠨ ᠦᠷ᠎ᠡ ᠠᠰᠢᠭ ᠪᠣᠯᠣᠨ ᠠᠵᠤ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠪᠡᠶᠡᠯᠡᠭᠦᠯᠬᠦ ᠬᠡᠷᠡᠭᠲᠡᠢ ᠭᠡᠵᠦ ᠢᠯᠡᠳᠬᠡᠪᠡ᠃     ᠯᠢᠦ ᠬᠠᠢ ᠲᠤᠸ ᠴᠢᠬᠤᠯᠠᠴᠢᠯᠠᠬᠤ ᠳᠠᠭᠠᠨ᠂ ᠵᠠᠰᠠᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠴᠢᠭᠯᠡᠯ ᠢᠶᠠᠨ ᠲᠣᠳᠣᠷᠬᠠᠢ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠲᠦᠷᠭᠡᠪᠴᠢᠯᠡᠨ ᠪᠠᠶᠢᠭᠤᠯᠵᠤ᠂ ᠵᠦᠢᠯᠡᠰ ᠤᠨ ᠠᠬᠢᠴᠠ ᠶᠢ ᠲᠠᠰᠤᠷᠠᠯᠲᠠ ᠦᠭᠡᠢ ᠲᠦᠷᠭᠡᠳᠬᠡᠨ᠂ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠪᠡᠯᠡᠳᠬᠡᠯ ᠠᠵᠢᠯ ᠢ ᠢᠳᠡᠪᠬᠢᠲᠡᠢ ᠠᠬᠢᠭᠤᠯᠵᠤ᠂ ᠵᠦᠢᠯᠡᠰ ᠢ ᠲᠦᠷᠭᠡᠬᠡᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢᠳᠡᠪᠬᠢᠲᠡᠢ ᠣᠷᠣᠯᠴᠠᠵᠤ᠂ ᠨᠢᠭᠲᠠ ᠬᠠᠮᠵᠢᠯᠴᠠᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠠᠮᠲᠤᠷᠠᠯᠴᠠᠭ᠎ᠠ ᠶᠢᠨ ᠬᠠᠮᠵᠢᠯᠴᠠᠬᠤ ᠴᠢᠨᠠᠷ᠂ ᠪᠣᠳᠠᠲᠠᠢ ᠶᠢ ᠡᠷᠬᠢᠮᠯᠡᠬᠦ ᠴᠢᠨᠠᠷ ᠪᠠ ᠦᠷᠭᠦᠯᠵᠢᠯᠡᠬᠦ ᠴᠢᠨᠠᠷ ᠢ ᠦᠨᠡᠨᠬᠦ ᠳᠡᠭᠡᠭᠰᠢᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠠᠴᠠ ᠲᠠᠷᠠᠭᠠᠴᠢ ᠶᠢᠨ ᠲᠥᠷᠥᠯ ᠵᠦᠢᠯ ᠤᠨ ᠨᠡᠭᠡᠭᠡᠨ ᠬᠥᠭᠵᠢᠭᠦᠯᠦᠯᠲᠡ ᠶᠢᠨ ᠡᠮᠬᠢ ᠵᠢᠷᠤᠮ ᠲᠠᠢ ᠶᠠᠪᠤᠭᠳᠠᠬᠤ ᠶᠢ ᠠᠬᠢᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃      ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ᠂ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠢ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号