ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ︵ᠬᠤᠳᠠᠯᠳᠤᠭᠠᠨ ᠤ ᠶᠡᠷᠦᠩᠬᠡᠢ ᠡᠪᠯᠡᠯ︶ ᠤᠨ ᠠᠷᠪᠠᠨ ᠬᠤᠶᠠᠳᠤᠭᠠᠷ ᠬᠤᠭᠤᠴᠠᠭᠠᠨ ᠤ ᠭᠦᠢᠴᠡᠳᠬᠡᠬᠦ ᠺᠣᠮᠢᠰ ᠤᠨ ᠬᠤᠶᠠᠳᠤᠭᠠᠷ ᠬᠤᠷᠠᠯᠳᠤᠭᠠᠨ ᠬᠤᠷᠠᠯᠳᠤᠪᠠ
ᠨᠡᠶᠢᠲᠡᠯᠡᠭᠰᠡᠨ ᠴᠠᠭ᠄
2024/7/4
      7 ᠰᠠᠷ᠎ᠠ ᠶᠢᠨ 2 ᠤᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ︵ᠬᠤᠳᠠᠯᠳᠤᠭᠠᠨ ᠤ ᠶᠡᠷᠦᠩᠬᠡᠢ ᠡᠪᠯᠡᠯ︶ ᠤᠨ ᠠᠷᠪᠠᠨ ᠬᠤᠶᠠᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠬᠤᠶᠠᠳᠤᠭᠠᠷ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠠ ᠨᠢᠩ᠂ ᠠᠶᠢᠮᠠᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠤᠨ ᠳᠡᠳ᠋ ᠲᠡᠷᠢᠭᠦᠯᠡᠭᠴᠢ ᠯᠢᠦ ᠵᠢᠢ ᠬᠤᠩ ᠬᠤᠷᠠᠯ ᠳᠤ ᠣᠷᠣᠯᠴᠠᠵᠠᠢ᠃         ᠬᠤᠷᠠᠯ  ᠠᠴᠠ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ︵ᠬᠤᠳᠠᠯᠳᠤᠭᠠᠨ ᠤ ᠶᠡᠷᠦᠩᠬᠡᠢ ᠡᠪᠯᠡᠯ︶ ᠤᠨ ᠠᠷᠪᠠᠨ ᠬᠤᠶᠠᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠬᠤᠶᠠᠳᠤᠭᠠᠷ ᠬᠤᠷᠠᠯ ᠤᠨ ᠠᠵᠢᠯ ᠤᠨ ᠢᠯᠡᠳᠬᠡᠯ︾ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ︵ᠬᠤᠳᠠᠯᠳᠤᠭᠠᠨ ᠤ ᠶᠡᠷᠦᠩᠬᠡᠢ ᠡᠪᠯᠡᠯ︶ ᠤᠨ ᠠᠷᠪᠠᠨ ᠬᠤᠶᠠᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠬᠤᠶᠠᠳᠤᠭᠠᠷ ᠬᠤᠷᠠᠯ ᠤᠨ ᠰᠣᠩᠭᠤᠭᠤᠯᠢ ᠶᠢᠨ ᠠᠷᠭ᠎ᠠ︾ ᠶᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠤᠨ ᠲᠡᠷᠢᠭᠦᠯᠡᠭᠴᠢ᠂ ᠪᠠᠶᠢᠩᠭᠤ ᠶᠢᠨ ᠳᠡᠳ᠋ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠳᠡᠳ᠋ ᠳᠠᠷᠤᠭ᠎ᠠ ᠶᠢ ᠰᠣᠩᠭᠤᠨ ᠭᠠᠷᠭᠠᠪᠠ᠃      ᠬᠤᠷᠠᠯ ᠠᠴᠠ᠂ ᠣᠶᠢᠷ᠎ᠠ ᠶᠢᠨ ᠵᠢᠯ ᠠᠴᠠ ᠨᠠᠰᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠲᠤᠰ ᠪᠡᠶ᠎ᠡ ᠶᠢᠨ ᠬᠥᠭᠵᠢᠯᠲᠡ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠬᠦᠴᠢᠷ ᠢ ᠲᠤᠭᠤᠯᠤᠨ ᠬᠦᠴᠢᠷ ᠢ ᠳᠠᠪᠠᠵᠤ᠂ ᠵᠠᠮ ᠨᠡᠭᠡᠭᠡᠨ ᠤᠷᠤᠭᠰᠢᠯᠠᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠣᠨᠴᠠᠯᠢᠭ᠂ ᠰᠢᠨ᠎ᠡ ᠬᠡᠯᠪᠡᠷᠢ ᠪᠠᠶᠢᠳᠠᠯ᠂ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ᠂ ᠭᠠᠳᠠᠭᠠᠳᠤ ᠬᠠᠮᠲᠤᠷᠠᠯᠴᠠᠭ᠎ᠠ ᠶᠢ ᠠᠬᠢᠭᠤᠯᠬᠤ ᠵᠡᠷᠭᠡ ᠠᠵᠢᠯ ᠤᠨ ᠬᠦᠷᠢᠶᠡᠨ ᠳᠤ ᠢᠯᠡᠳᠲᠡ ᠦᠷ᠎ᠡ ᠪᠦᠲᠦᠮᠵᠢ ᠣᠯᠵᠠᠢ᠃ ᠬᠤᠷᠠᠯ ᠠᠴᠠ ᠱᠠᠭᠠᠷᠳᠠᠭᠰᠠᠨ ᠨᠢ᠂ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠳᠠᠪᠠᠭᠤᠯᠢᠭ ᠪᠠ ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ ᠢᠳᠡᠪᠬᠢᠲᠡᠢ ᠪᠠᠷ ︽ᠬᠤᠶᠠᠷ ᠡᠷᠡᠭᠦᠯ ᠮᠡᠨᠳᠦ︾ ᠶᠢᠨ ᠠᠵᠢᠯ ᠤᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠦᠢᠯᠡᠴᠢᠯᠡᠭᠡᠨ ᠤ ᠦᠷ᠎ᠡ ᠪᠦᠲᠦᠮᠵᠢ ᠪᠠᠨ ᠰᠢᠯᠢᠳᠡᠭᠵᠢᠭᠦᠯᠵᠦ᠂ ᠠᠵᠢᠯ ᠤᠨ ᠬᠢᠷᠢ ᠲᠦᠪᠰᠢᠨ ᠢᠶᠠᠨ ᠴᠢᠩᠭᠠᠳᠬᠠᠵᠤ᠂ ᠥᠷᠭᠡᠨ ᠣᠯᠠᠨ ᠭᠡᠰᠢᠭᠦᠨ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠢ ᠤᠳᠤᠷᠢᠳᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠳᠠᠬᠢᠨ ᠰᠢᠨ᠎ᠡ ᠭᠠᠪᠢᠶ᠎ᠠ ᠪᠠᠶᠢᠭᠤᠯᠵᠤ᠂ ᠳᠠᠬᠢᠨ ᠰᠢᠯᠢᠳᠡᠭ ᠪᠦᠲᠦᠮᠵᠢ ᠭᠠᠷᠭᠠᠬᠤ ᠬᠡᠷᠡᠭᠲᠡᠢ ᠭᠡᠵᠡᠢ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号